︽ᠬᠢᠵᠢᠭ ᠤᠨ ᠪᠠᠶᠢᠳᠠᠯ ᠠᠴᠠ ᠪᠣᠯᠵᠤ᠂ ᠡᠨᠡ ᠵᠢᠯ ᠥᠨᠳᠥᠷ ᠳᠤᠮᠳᠠᠳᠤ ᠶᠢᠨ ᠭᠤᠷᠪᠠᠳᠤᠭᠠᠷ ᠣᠨ ᠳᠤ ᠰᠤᠷᠤᠯᠴᠠᠵᠤ ᠪᠠᠶᠢᠭ᠎ᠠ ᠬᠦᠦ ᠮᠢᠨᠢ ᠵᠥᠪᠭᠡᠨ | ᠭᠡᠷ ᠲᠡᠭᠡᠨ ᠰᠦᠯᠵᠢᠶᠡᠨ ᠳᠡᠭᠡᠷ᠎ᠡ ᠬᠢᠴᠢᠶᠡᠯ ᠣᠷᠣᠨ᠎ᠠ᠂ ᠭᠡᠪᠡᠴᠦ ᠬᠦᠦ ᠮᠢᠨᠢ ᠲᠣᠭᠯᠠᠭᠠᠮ ᠳᠤ ᠰᠢᠨᠤᠵᠤ᠂ ᠢᠳᠬᠠᠬᠤ ᠶᠢ ᠰᠣᠨᠣᠰᠬᠤ ᠦᠭᠡᠢ᠂ ᠪᠢ ᠦᠨᠡᠬᠡᠷ | ᠶᠠᠭᠠᠬᠢᠬᠤ ᠪᠠᠨ ᠮᠡᠳᠡᠭᠦ ᠦᠭᠡᠢ ᠪᠣᠯᠵᠠᠢ︾ ᠭᠡᠵᠦ ᠨᠢᠩᠰᠢᠶᠠ ᠶᠢᠨ ᠵᠥᠩ ᠸᠧᠢ ᠬᠤᠲᠠ ᠶᠢᠨ ᠨᠢᠭᠡᠨ ᠡᠵᠢ ᠠᠷᠭ᠎ᠠ ᠪᠤᠰᠤ ᠲᠤᠬᠠᠢ ᠶᠢᠨ ᠭᠠᠵᠠᠷ ᠤᠨ | ᠰᠡᠳᠬᠢᠴᠡ ᠶᠢᠨ ᠵᠥᠪᠯᠡᠯᠭᠡ ᠥᠭᠭᠦ ᠤᠲᠠᠰᠤ ᠶᠢ ᠤᠲᠠᠰᠤᠳᠠᠪᠠ᠃ ᠤᠳᠠᠯ ᠦᠭᠡᠢ ᠲᠤᠰᠬᠠᠢ ᠮᠡᠷᠭᠡᠵᠢᠯ ᠤᠨ ᠠᠵᠢᠯᠲᠠᠨ ᠲᠡᠭᠦᠨ ᠲᠠᠢ ᠶᠠᠷᠢᠯᠴᠠᠵᠤ᠂ ᠬᠡᠦᠬᠡᠳ | ᠲᠤᠨᠢ ᠵᠢᠯᠣᠭᠤᠳᠤᠯᠭ᠎ᠠ ᠬᠢᠵᠡᠢ᠂ ᠣᠳᠣ ᠬᠡᠦᠬᠡᠳ ᠤᠨ ᠰᠤᠷᠤᠯᠭ᠎ᠠ ᠶᠢᠨ ᠪᠠᠶᠢᠳᠠᠯ ᠨᠢ ᠰᠠᠶᠢᠵᠢᠷᠠᠵᠤ᠂ ᠡᠵᠢ ᠨᠢ ᠴᠦ ᠲᠡᠳᠦᠢ ᠰᠠᠨᠠᠭ᠎ᠠ ᠵᠣᠪᠠᠭ᠋ᠤ ᠦᠭᠡᠢ ᠪᠣᠯᠵᠠᠢ᠃ | ᠰᠡᠳᠬᠢᠴᠡ ᠶᠢᠨ ᠵᠥᠪᠯᠡᠯᠭᠡ ᠥᠭᠭᠦ ᠠᠵᠢᠯᠲᠠᠨ ᠤᠲᠠᠰᠤ ᠪᠠᠷ ᠦᠢᠯᠡᠴᠢᠯᠡᠬᠦ ᠪᠣᠯ ᠵᠦᠩ ᠸᠧᠢ ᠬᠤᠳᠠ ᠶᠢᠨ ᠬᠢᠵᠢᠭ ᠲᠠᠢ ᠲᠡᠮᠡᠴᠡᠬᠦ ᠳᠤᠮᠳᠠ | ᠢᠯᠡᠷᠡᠭᠰᠡᠨ ᠰᠡᠳᠬᠢᠴᠡ ᠶᠢᠨ ᠠᠰᠠᠭᠤᠳᠠᠯ ᠳᠤ ᠴᠢᠭᠯᠡᠭᠦᠯᠦᠨ᠂ ᠰᠠᠨᠠᠭᠠᠴᠢᠯᠠᠭ᠎ᠠ ᠠᠴᠠ ᠪᠠᠨ ᠨᠡᠭᠡᠭᠡᠭᠰᠡᠨ ᠰᠢᠨ᠎ᠡ ᠦᠢᠯᠡᠴᠢᠯᠡᠭᠡᠨ ᠤ ᠨᠢᠭᠡ ᠪᠣᠯᠣᠨ᠎ᠠ᠃ ᠨᠢᠩᠰᠢᠶᠠ | ᠨᠡᠶᠢᠲᠡ 500 ᠭᠠᠷᠤᠢ ᠰᠡᠳᠬᠢᠴᠡ ᠶᠢᠨ ᠵᠥᠪᠯᠡᠯᠭᠡ ᠥᠭᠭᠦ ᠦᠢᠯᠡᠴᠢᠯᠡᠭᠡᠨ ᠤ ᠬᠠᠯᠠᠮᠰᠢᠯ ᠤᠲᠠᠰᠤ ᠨᠠᠪᠲᠠᠷᠡᠭᠦᠯᠵᠦ᠂ ᠡᠯ᠎ᠡ ᠲᠥᠷᠥᠯ ᠤᠨ ᠬᠥᠮᠥᠰ ᠢ | ᠬᠠᠪᠰᠤᠷᠤᠨ ᠡᠷᠡᠭᠦᠯ ᠪᠤᠰᠤ ᠰᠡᠳᠬᠢᠯᠭᠡ ᠶᠢ ᠨᠢ ᠨᠠᠮᠳᠠᠭᠤᠯᠵᠤ᠂ ᠰᠡᠳᠬᠢᠴᠡ ᠶᠢᠨ ᠬᠢᠮᠤᠷᠠᠯ ᠢ ᠨᠢ ᠰᠢᠢᠳᠪᠦᠷᠢᠯᠡᠨ᠂ ᠰᠡᠳᠬᠢᠯᠭᠡ ᠶᠢ ᠨᠢ ᠴᠠᠭ ᠲᠤᠬᠠᠢ ᠳᠤᠨᠢ | ᠪᠦᠲᠦᠮᠵᠢᠲᠡᠶ ᠢᠳᠬᠠᠨ ᠵᠢᠯᠤᠭᠤᠳᠬᠤ ᠪᠠ ᠬᠢᠵᠢᠭ ᠤᠨ ᠬᠤᠭᠤᠴᠠᠭᠠᠨ ᠳᠠᠬᠢ ᠣᠯᠠᠨ ᠲᠦᠮᠡᠨ ᠤ ᠰᠡᠳᠬᠢᠴᠡ ᠶᠢᠨ ᠳᠠᠷᠤᠯᠲᠠ ᠶᠢ ᠬᠥᠩᠭᠡᠷᠡᠭᠦᠯᠬᠦ ᠲᠠᠯ᠎ᠠ | ᠪᠠᠷ ᠢᠳᠡᠪᠬᠢᠲᠡᠢ ᠦᠢᠯᠡᠳᠦᠯ ᠦᠵᠡᠭᠦᠯᠪᠡ᠃ | ᠬᠢᠵᠢᠭ ᠤᠨ ᠪᠠᠶᠢᠳᠠᠯ ᠤᠨ ᠳᠤᠮᠳᠠ᠂ ᠲᠡᠷᠡ ᠬᠦ ᠤᠲᠠᠰᠤ ᠠᠪᠴᠤ ᠲᠤᠰᠠᠯᠠᠮᠵᠢ ᠭᠤᠶᠤᠴᠢᠯᠠᠭᠰᠠᠨ ᠡᠵᠢ ᠶᠢᠨ ᠪᠠᠶᠢᠳᠠᠯ ᠲᠠᠢ ᠠᠳᠠᠯᠢ᠂ ᠵᠠᠷᠢᠮ ᠬᠥᠮᠥᠨ | ᠰᠦᠯᠵᠢᠶᠡᠨ ᠳᠡᠭᠡᠷ᠎ᠡ ᠬᠢᠴᠢᠶᠡᠯ ᠣᠷᠣᠬᠤ᠂ ᠭᠡᠷ ᠲᠡᠭᠡᠨ ᠰᠠᠭᠤᠵᠤ ᠠᠯᠪᠠᠯᠠᠬᠤ᠂ ᠰᠠᠭᠤᠭᠠᠯᠢ ᠠᠷᠠᠳ ᠤᠨ ᠲᠣᠭᠤᠷᠢᠭ ᠢ ᠪᠢᠲᠡᠭᠦᠮᠵᠢᠯᠡᠨ ᠡᠵᠡᠮᠳᠡᠬᠦ᠂ ᠭᠡᠷ ᠠᠴᠠ ᠪᠠᠨ | ᠣᠯᠵᠤ ᠭᠠᠷᠬᠤ ᠦᠭᠡᠢ ᠵᠡᠷᠭᠡ ᠪᠠᠶᠢᠳᠠᠯ ᠤᠨ ᠳᠤᠮᠳᠠ ᠰᠢᠨ᠎ᠡ ᠠᠰᠠᠭᠤᠳᠠᠯ ᠲᠤᠯᠭᠠᠷᠠᠪᠠ᠃ ᠬᠢᠵᠢᠭ ᠲᠠᠢ ᠲᠡᠮᠡᠴᠡᠬᠦ ᠶᠠᠪᠤᠴᠠ ᠳᠤ ᠬᠥᠮᠥᠰ ᠰᠡᠳᠬᠢᠯ ᠤᠨ | ᠳᠠᠷᠤᠭᠠᠰᠤ ᠲᠠᠢ ᠪᠤᠯᠬᠤ ᠨᠢ ᠳᠠᠮᠵᠢᠭ ᠦᠭᠡᠢ ᠶᠤᠮ᠃ ᠬᠦᠴᠢᠷᠳᠡᠯᠲᠡᠢ ᠣᠯᠠᠨ ᠲᠦᠮᠡᠨ ᠢ ᠬᠦᠯᠢᠴᠡᠩᠭᠦᠢ ᠪᠠᠷ ᠢᠳᠬᠠᠨ ᠵᠢᠯᠤᠭᠤᠳᠴᠤ᠂ ᠨᠠᠷᠢᠨ ᠨᠢᠮᠪᠠᠢ | ᠦᠢᠯᠡᠴᠢᠯᠡᠬᠦ ᠵᠢᠴᠢ ᠬᠠᠶᠢᠷ᠎ᠠ ᠬᠠᠯᠠᠮᠵᠢ ᠬᠦᠷᠲᠡᠭᠡᠵᠦ᠂ ᠬᠢᠵᠢᠭ ᠲᠠᠢ ᠲᠡᠮᠡᠴᠡᠬᠦ ᠰᠡᠳᠬᠢᠴᠡ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠷᠠᠳ | ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠬᠤ ᠬᠡᠷᠡᠭᠲᠡᠢ᠃ | ᠬᠢᠵᠢᠭ ᠤᠨ ᠪᠠᠶᠢᠳᠠᠯ ᠨᠢ ᠨᠡᠶᠢᠭᠡᠮ ᠤᠨ ᠦᠢᠯᠡᠳᠪᠦᠷᠢᠯᠡᠯ ᠠᠮᠢᠳᠤᠷᠠᠯ ᠳᠤ ᠵᠠᠷᠢᠮ ᠳᠠᠭᠠᠷᠢᠯᠲᠠ ᠤᠴᠠᠷᠠᠭᠤᠯᠤᠭᠰᠠᠨ ᠠᠴᠠ ᠬᠢᠵᠢᠭ ᠤᠨ ᠪᠠᠶᠢᠳᠠᠯ ᠤᠨ | ᠨᠠᠷᠢᠨ ᠪᠤᠳᠤᠯᠢᠶᠠᠨᠲᠠᠢ ᠬᠤᠪᠢᠷᠠᠯᠲᠠ ᠶᠢᠨ ᠡᠮᠦᠨ᠎ᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠯᠠᠨ ᠲᠦᠮᠡᠨ ᠤ ᠪᠠᠴᠢᠮᠳᠠᠭᠰᠠᠨ ᠰᠡᠳᠬᠢᠯᠭᠡ ᠶᠢ | ᠨᠠᠩ ᠬᠦᠯᠢᠴᠡᠩᠭᠦᠢ ᠪᠠᠷ ᠨᠠᠮᠳᠠᠭᠤᠯᠬᠤ ᠬᠡᠷᠡᠭᠲᠡᠢ᠃ ᠬᠢᠵᠢᠭ ᠲᠠᠢ ᠲᠡᠮᠡᠴᠡᠬᠦ ᠲᠡᠮᠡᠴᠡᠯ ᠨᠢ ᠨᠠᠷᠢᠨ ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠳᠠᠭᠢᠨ | ᠳᠠᠪᠲᠠᠬᠤ ᠴᠢᠨᠠᠷ ᠲᠠᠢ ᠪᠠᠶᠢᠳᠠᠭ ᠪᠣᠯᠬᠤᠷ ᠣᠯᠠᠨ ᠲᠦᠮᠡᠨ ᠤ ᠰᠡᠳᠬᠢᠯ ᠤᠨ ᠲᠠᠭᠤᠨ ᠢ ᠰᠣᠨᠣᠰᠴᠤ᠂ ᠣᠯᠠᠨ ᠲᠦᠮᠡᠨ ᠤ ᠠᠰᠠᠭᠤᠳᠠᠯ ᠢ ᠬᠦᠯᠢᠴᠡᠩᠭᠦᠢ ᠪᠠᠷ | ᠰᠢᠢᠳᠪᠦᠷᠢᠯᠡᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠴᠠᠭ ᠲᠤᠬᠠᠢ ᠳᠤᠨᠢ ᠬᠠᠷᠢᠭᠤᠯᠲᠠ | ᠥᠭᠭᠦ ᠬᠡᠷᠡᠭᠲᠡᠢ᠃ | ᠵᠢᠱᠢᠶᠡᠯᠡᠪᠡᠯ ᠬᠢᠵᠢᠭ ᠤᠨ ᠪᠠᠶᠢᠳᠠᠯ ᠬᠦᠨᠳᠦ ᠨᠣᠴᠢᠲᠠᠢ ᠪᠠᠶᠢᠭ᠎ᠠ ᠭᠠᠵᠠᠷ ᠣᠷᠣᠨ ᠤ ᠬᠢᠨ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠭᠦᠢᠴᠡᠳ᠂ | ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠭᠦᠷᠭᠡᠭᠦ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢ ᠨᠠᠩ ᠴᠢᠬᠤᠯᠠᠴᠢᠯᠠᠪᠠᠯ ᠬᠥᠮᠥᠰ ᠨᠡᠩ ᠢᠯᠡᠭᠦᠦ ᠠᠮᠤᠷ | ᠲᠣᠭᠲᠠᠭᠤᠨ ᠪᠠᠶᠢᠵᠤ ᠴᠢᠳᠠᠨ᠎ᠠ ︔ ᠮᠡᠳᠡᠭᠡ ᠵᠠᠩᠭᠢ ᠨᠡᠶᠢᠲᠡᠯᠡᠬᠦ ᠶᠢ ᠴᠢᠩᠭᠠᠳᠬᠠᠵᠤ᠂ ᠣᠯᠣᠯᠴᠠᠭ᠎ᠠ ᠰᠣᠯᠢᠯᠴᠠᠭ᠎ᠠ ᠰᠠᠭᠠᠳ ᠦᠭᠡᠢ ᠶᠠᠪᠤᠭᠳᠠᠪᠠᠯ᠂ ᠤᠯᠠᠨ | ᠲᠦᠮᠡᠨ ᠳᠤᠲᠠᠭᠤ ᠰᠢᠭ᠋ ᠪᠠᠴᠢᠮᠳᠠᠵᠤ ᠰᠠᠨᠳᠤᠷᠤᠨ᠎ᠠ᠃ | ᠰᠡᠳᠬᠢᠴᠡ ᠶᠢᠨ ᠵᠢᠯᠣᠭᠤᠳᠤᠯᠭ᠎ᠠ ᠬᠢᠬᠦ ᠳᠡᠭᠡᠨ ᠠᠷᠠᠳ ᠤᠯᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠲᠤᠯᠭᠠᠷᠠᠭᠰᠠᠨ ᠪᠣᠳᠠᠲᠠᠢ | ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ ᠠᠵᠢᠯ ᠢᠶᠠᠨ ᠨᠠᠷᠢᠯᠢᠭ ᠪᠣᠳᠠᠲᠠᠢ ᠬᠢᠵᠦ᠂ ᠠᠳᠠᠯᠢ ᠪᠤᠰᠤ ᠬᠥᠮᠥᠰ ᠤᠨ ᠬᠦᠢᠲᠡᠨ ᠳᠤᠯᠠᠭᠠᠨ ᠠᠮᠤᠷ | ᠲᠦᠪᠰᠢᠨ ᠠᠶᠤᠯ ᠲᠦᠭᠰᠢᠭᠦᠷᠢ ᠪᠠ ᠵᠥᠷᠢᠶᠡᠲᠦ ᠬᠦᠰᠡᠯ ᠱᠠᠭᠠᠷᠳᠠᠯᠭ᠎ᠠ ᠶᠢ ᠪᠡᠶ᠎ᠡ ᠪᠠᠷ ᠢᠶᠠᠨ ᠣᠶᠢᠯᠠᠭᠠᠵᠤ ᠮᠡᠳᠡᠭᠦ ᠨᠢ ᠰᠡᠳᠬᠢᠴᠡ ᠶᠢᠨ ᠵᠢᠯᠣᠭᠤᠳᠤᠯᠭ᠎ᠠ ᠶᠢ | ᠨᠠᠩ ᠰᠠᠶᠢᠨ ᠦᠷ᠎ᠡ ᠪᠦᠲᠦᠮᠵᠢ ᠲᠠᠢ ᠪᠤᠯᠭᠠᠵᠤ ᠴᠢᠳᠠᠨ᠎ᠠ᠃ ᠵᠢᠱᠢᠶᠡᠯᠡᠪᠡᠯ ᠴᠥᠭᠡᠨ ᠪᠤᠰᠤ ᠭᠠᠵᠠᠷ ᠣᠷᠣᠨ ᠨᠢ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ | ᠴᠢᠨᠠᠷ ᠢᠯᠡᠷᠡᠭᠰᠡᠨ ᠬᠥᠮᠥᠰ ᠵᠢᠴᠢ ᠨᠢᠭᠲᠠ ᠣᠶᠢᠷᠠᠲᠤᠭᠰᠠᠳ ᠢ ᠬᠠᠪᠰᠤᠷᠤᠨ ᠰᠡᠳᠬᠢᠴᠡ ᠶᠢᠨ ᠳᠠᠷᠤᠯᠲᠠ ᠶᠢ ᠨᠢ ᠬᠥᠩᠭᠡᠷᠡᠭᠦᠯᠬᠦ ᠨᠢ ᠠᠯᠢ ᠲᠦᠷᠭᠡᠨ ᠢᠶᠠᠷ | ᠡᠷᠡᠭᠦᠯᠵᠢᠬᠦ ᠳᠤ ᠠᠰᠢᠭᠲᠠᠢ ᠪᠠᠶᠢᠳᠠᠭ ︔ ᠨᠠᠰᠤᠲᠠᠨ ᠨᠢᠯᠬᠠᠰ ᠡᠪᠡᠳᠴᠢᠨ ᠲᠠᠢ ᠵᠡᠮᠳᠡᠭ ᠵᠢᠷᠮᠦᠰᠦᠨ ᠵᠡᠷᠭᠡ ᠣᠨᠴᠠᠭᠠᠢ ᠬᠥᠮᠥᠰ ᠢ ᠬᠠᠯᠠᠮᠵᠢᠯᠠᠨ ᠬᠠᠪᠰᠤᠷᠬᠤ | ᠡᠷᠴᠢᠮ ᠢᠶᠠᠨ ᠴᠢᠩᠭᠠᠷᠠᠭᠤᠯᠬᠤ ᠭᠡᠷᠡᠭᠳᠠᠢ ︔ ᠡᠳᠦᠷ ᠰᠥᠨᠢ ᠦᠭᠡᠢ ᠪᠠᠲᠤ ᠰᠠᠬᠢᠵᠤ ᠡᠮᠦᠨ᠎ᠡ ᠹᠷᠣᠨᠲ ᠲᠤ ᠡᠷᠡᠮᠡᠬᠡᠶᠢᠯᠡᠨ ᠪᠠᠶᠢᠯᠳᠤᠵᠤ ᠪᠠᠶᠢᠭ᠎ᠠ ᠬᠢᠵᠢᠭ ᠢ | ᠰᠡᠷᠭᠡᠶᠢᠯᠡᠬᠦ ᠠᠵᠢᠯᠲᠠᠳ ᠤᠨ ᠪᠠᠲᠤᠯᠠᠭ᠎ᠠ ᠶᠢ ᠰᠠᠶᠢᠲᠤᠷ ᠬᠢᠵᠦ᠂ ᠰᠠᠨᠠᠭᠠᠰᠢᠷᠠᠯ ᠵᠣᠪᠠᠨᠢᠯ ᠢ ᠨᠢ ᠠᠯᠢ ᠴᠢᠳᠠᠬᠤ ᠪᠠᠷ ᠰᠢᠢᠳᠪᠦᠷᠢᠯᠡᠬᠦ ᠬᠡᠷᠡᠭᠲᠡᠢ᠃ | ᠰᠡᠳᠬᠢᠴᠡ ᠶᠢᠨ ᠵᠢᠯᠣᠭᠤᠳᠤᠯᠭ᠎ᠠ ᠶᠢ ᠰᠠᠶᠢᠲᠤᠷ ᠬᠢᠵᠦ᠂ ᠤᠷᠮ᠎ᠠ ᠬᠤᠭᠤᠷᠠᠬᠤ ᠰᠡᠳᠬᠢᠯᠭᠡ ᠶᠢ ᠪᠦᠲᠦᠮᠵᠢᠲᠡᠶ ᠠᠷᠢᠯᠭᠠᠬᠤ ᠳᠤ ᠪᠠᠰᠠ ᠠᠵᠢᠯ ᠤᠨ ᠳᠤᠮᠳᠠ | ᠨᠠᠩ ᠣᠯᠠᠨ ᠬᠠᠶᠢᠷ᠎ᠠ ᠰᠡᠳᠬᠢᠯᠭᠡ ᠲᠠᠢ ᠪᠠᠶᠢᠬᠤ ᠬᠡᠷᠡᠭᠲᠡᠢ᠃ ᠣᠶᠢᠷ᠎ᠠ ᠶᠢᠨ ᠭᠤᠷᠪᠠᠨ ᠵᠢᠯ ᠤᠨ ᠬᠢᠵᠢᠭ ᠲᠠᠢ ᠲᠡᠮᠡᠴᠡᠬᠦ ᠦᠢᠯᠡᠳᠦᠯᠭᠡ ᠠᠴᠠ ᠡᠯ᠎ᠡ ᠲᠠᠯ᠎ᠠ ᠶᠢᠨ | ᠬᠢᠨ ᠪᠠᠰᠠ ᠣᠯᠠᠨ ᠲᠦᠮᠡᠨ ᠤ ᠰᠡᠳᠬᠢᠯ ᠰᠠᠨᠠᠭᠠᠨ ᠤ ᠵᠣᠪᠠᠨᠢᠯ ᠢᠶᠠᠨ ᠬᠥᠩᠭᠡᠷᠡᠭᠦᠯᠬᠦ ᠳᠤ ᠠᠰᠢᠭᠲᠠᠢ ᠬᠥᠮᠥᠨᠴᠢ ᠴᠢᠨᠠᠷᠲᠠᠢ᠂ ᠳᠥᠭᠦᠮ ᠳᠥᠲᠡ | ᠦᠢᠯᠡᠴᠢᠯᠡᠭᠡ ᠨᠦᠭᠦᠳ ᠢ ᠠᠯᠬᠤᠮ ᠠᠯᠬᠤᠮ ᠢᠶᠠᠷ ᠳ᠋ᠦᠩᠨᠡᠨ ᠭᠠᠷᠭᠠᠪᠠ᠃ ᠵᠢᠱᠢᠶᠡᠯᠡᠪᠡᠯ ᠲᠤᠰᠠᠭᠠᠷᠯᠠᠨ ᠠᠵᠢᠭᠯᠠᠬᠤ ᠬᠥᠮᠥᠰ ᠪᠤᠶᠤ ᠰᠢᠷ᠎ᠠ ᠺᠣᠳ᠋ ᠲᠠᠢ | ᠬᠥᠮᠥᠰ ᠲᠤ ᠲᠤᠰᠬᠠᠶᠢᠯᠠᠨ ᠣᠨᠣᠰᠢᠯᠠᠨ ᠡᠮᠨᠡᠭᠦ ᠦᠢᠯᠡᠴᠢᠯᠡᠭᠡ ᠲᠠᠢ ︽ᠰᠢᠷ᠎ᠠ ᠺᠣᠳ᠋ ᠤᠨ ᠡᠮᠨᠡᠯᠭᠡ ᠶᠢᠨ ᠬᠤᠷᠢᠶ᠎ᠠ︾ ᠬᠠᠩᠭᠠᠵᠤ᠂ ᠣᠯᠠᠨ ᠭᠠᠵᠠᠷ ᠤᠨ ᠣᠯᠠᠨ | ᠰᠠᠯᠠᠭ᠎ᠠ ᠮᠥᠴᠢᠷ ᠵᠠᠭᠠᠯᠳᠤᠯᠭ᠎ᠠ ᠶᠢᠨ ᠲᠠᠪᠴᠠᠩ ᠪᠠ ᠬᠠᠯᠠᠮᠰᠢᠯ ᠤᠲᠠᠰᠤ ᠲᠣᠬᠢᠷᠠᠭᠤᠯᠵᠤ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ | ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠠᠬᠢᠭᠤᠯᠵᠤ᠂ ︽ᠰᠦᠯᠵᠢᠶᠡᠨ ᠳᠡᠭᠡᠷᠡᠬᠢ ᠰᠡᠳᠬᠢᠴᠡ ᠶᠢᠨ ᠲᠤᠰᠠᠯᠠᠮᠵᠢ + ᠰᠡᠳᠬᠢᠴᠡ ᠶᠢᠨ | ᠬᠠᠪᠰᠤᠷᠤᠨ ᠵᠢᠯᠤᠭᠤᠳᠬᠤ ᠬᠠᠯᠠᠮᠰᠢᠯ ᠤᠲᠠᠰᠤ︾ ᠵᠡᠷᠭᠡ ᠶᠢ ᠨᠡᠪᠲᠡᠷᠡᠭᠦᠯᠪᠡ᠃ ᠡᠳᠡᠭᠡᠷ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠨᠢ ᠦᠨᠡᠨ ᠰᠡᠳᠬᠢᠯᠭᠡ ᠪᠠ | ᠬᠠᠯᠠᠭᠤᠨ ᠰᠡᠳᠬᠢᠯ ᠢ ᠬᠥᠮᠥᠨ ᠨᠢᠭᠡ ᠪᠦᠷᠢ ᠳᠤ ᠦᠨᠡᠨ ᠬᠦ ᠳᠠᠮᠵᠢᠭᠤᠯᠵᠤ᠂ ᠤᠯᠠᠨ ᠲᠦᠮᠡᠨ ᠳᠤ ᠬᠠᠯᠠᠭᠤᠨ ᠳᠣᠲᠣᠨᠣ ᠳᠥᠭᠦᠮ ᠳᠥᠲᠡ ᠰᠠᠨᠠᠭᠳᠠᠭᠤᠯᠬᠤ ᠶᠢᠨ | ᠤᠯᠠᠮ ᠠᠴᠠ ᠰᠠᠨᠠᠭ᠎ᠠ ᠠᠮᠤᠷ ᠪᠠᠶᠢᠯᠭᠠᠳᠠᠭ᠃ | 11 ᠰᠠᠷ᠎ᠠ ᠶᠢᠨ 10 ᠤ ᠡᠳᠦᠷ ᠶᠡᠷᠦᠩᠬᠡᠢ ᠱᠦᠵᠢ ᠰᠢ ᠶᠢᠨ ᠫᠢᠩ ᠤᠨ ᠡᠷᠭᠢᠯᠡᠨ ᠬᠤᠷᠠᠯᠳᠤᠭᠤᠯᠤᠭᠰᠠᠨ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ | ᠠᠳᠬᠤᠨ ᠨᠠᠷᠢᠯᠢᠭ ᠠᠳᠬᠤᠵᠤ᠂ ᠦᠵᠡᠯ ᠰᠠᠨᠠᠭᠠᠨ ᠤ ᠵᠢᠯᠣᠭᠤᠳᠤᠯᠭ᠎ᠠ ᠪᠠ ᠰᠡᠳᠬᠢᠴᠡ ᠶᠢᠨ ᠵᠢᠯᠣᠭᠤᠳᠤᠯᠭ᠎ᠠ ᠶᠢ ᠰᠠᠶᠢᠲᠤᠷ ᠬᠢᠬᠦ ᠬᠡᠷᠡᠭᠲᠡᠢ ᠭᠡᠵᠦ | ᠴᠢᠬᠤᠯᠠᠴᠢᠯᠠᠪᠠ᠃ ᠰᠡᠳᠬᠢᠯ ᠢᠶᠠᠨ ᠨᠢᠭᠲᠠᠷᠠᠭᠤᠯᠪᠠᠯ ᠰᠠᠶ᠋ᠢ ᠬᠦᠴᠦ ᠪᠠᠨ ᠲᠥᠪᠯᠡᠷᠡᠭᠦᠯᠵᠦ ᠴᠢᠳᠠᠨ᠎ᠠ᠃ ᠬᠢᠵᠢᠭ ᠲᠠᠢ ᠲᠡᠮᠡᠴᠡᠬᠦ ᠶᠠᠪᠤᠴᠠ ᠳᠠᠬᠢ ᠰᠡᠳᠬᠢᠴᠡ | ᠶᠢᠨ ᠵᠢᠯᠣᠭᠤᠳᠤᠯᠭ᠎ᠠ ᠨᠢ ᠲᠠᠭᠠᠵᠥ ᠠᠮᠵᠢᠬᠤ ᠪᠥᠭᠡᠳ ᠪᠣᠳᠠᠲᠠᠢ ᠳᠤ ᠨᠡᠶᠢᠴᠡᠵᠦ᠂ ᠲᠠᠶᠢᠪᠤᠰᠢᠷᠠᠬᠤ ᠪᠤᠳᠤᠯ᠂ ᠬᠠᠯᠠᠰᠢᠷᠠᠬᠤ ᠪᠤᠳᠤᠯ᠂ ᠠᠵᠠ ᠬᠠᠷᠠᠬᠤ ᠪᠤᠳᠤᠯ᠂ | ᠠᠯᠮᠠᠶᠢᠷᠠᠬᠤ ᠰᠡᠳᠬᠢᠯᠭᠡ ᠶᠢ ᠢᠯᠠᠨ ᠳᠠᠪᠠᠪᠠᠯ ᠪᠢᠳᠡ ᠯᠠᠪᠲᠠᠢ ᠬᠢᠵᠢᠭ ᠲᠠᠢ ᠲᠡᠮᠡᠴᠡᠬᠦ ᠶᠡᠭᠡ ᠳᠠᠶᠢᠯᠠᠯᠳᠤᠭᠠᠨ ᠬᠠᠲᠠᠭᠤ ᠳᠠᠶᠢᠯᠠᠯᠳᠤᠭᠠᠨ ᠤ ᠢᠯᠠᠯᠲᠠ ᠶᠢ ᠳᠠᠷᠤᠢ | ᠲᠦᠷᠭᠡᠨ ᠣᠯᠵᠤ ᠴᠢᠳᠠᠨ᠎ᠠ᠃ | ︵ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 28 ᠤ ᠴᠠᠭᠢᠯᠭᠠᠨ ᠮᠡᠳᠡᠭᠡ ᠠᠴᠠ︶ |