ᠭᠦᠭᠡᠬᠤᠲᠠ ᠳᠤ ᠪᠠᠰᠠ ᠬᠢᠵᠢᠭ ᠦᠭᠡᠢ 84 ᠰᠠᠭᠤᠭᠠᠯᠢ ᠲᠣᠭᠤᠷᠢᠭ ᠢ ᠪᠢᠲᠡᠭᠦᠮᠵᠢᠯᠡᠯ ᠠᠴᠠ ᠲᠡᠶᠢᠯᠪᠠ
ᠨᠡᠶᠢᠲᠡᠯᠡᠭᠰᠡᠨ ᠴᠠᠭ᠄
2022/11/4
      ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ( 68 ᠳ᠋ᠤᠭᠠᠷ ᠲᠠᠯᠠᠪᠠᠶ ) ᠳᠡᠭᠡᠷ᠎ᠡ ᠨᠡᠶᠢᠲᠡᠯᠡᠭᠰᠡᠨ ᠢᠶᠠᠷ᠂ 11 ᠰᠠᠷ᠎ᠠ ᠶᠢᠨ 2  ᠤᠨ ᠡᠳᠦᠷ ᠤᠨ 0 ᠴᠠᠭ ᠠᠴᠠ 24 ᠴᠠᠭ ᠪᠤᠯᠲᠠᠯᠡᠭᠢ ᠭᠦᠭᠡᠬᠤᠲᠠ ᠳᠤ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠳᠠᠭᠴᠢ ᠶᠢᠨ ᠳᠣᠲᠣᠷᠠᠬᠢ 894 ᠨᠢ ᠲᠤᠰᠠᠭᠠᠷᠯᠠᠨ ᠬᠠᠮᠢᠶᠠᠷᠤᠨ ᠡᠵᠡᠮᠳᠡᠵᠦ ᠪᠠᠶᠢᠭ᠎ᠠ ᠬᠥᠮᠥᠰ ᠠᠴᠠ ᠢᠷᠡᠯᠲᠡ ᠲᠠᠢ᠃ ᠣᠶᠢᠷ᠎ᠠ ᠶᠢᠨ ᠡᠳᠦᠷ ᠤᠳ ᠲᠤ ᠨᠡᠶᠢᠭᠡᠮ ᠳᠡᠭᠡᠷ᠎ᠡ ᠠᠴᠠ  ᠪᠠᠶᠢᠴᠠᠭᠠᠨ ᠭᠠᠷᠭᠠᠭᠰᠠᠨ ᠠᠷᠭ᠎ᠠ ᠴᠢᠨᠠᠷᠲᠠᠢ ᠬᠠᠯᠳᠠᠪᠤᠷᠢᠯᠠᠭᠳᠠᠭᠴᠢ ᠢᠯᠡᠳᠲᠡ ᠪᠠᠭᠤᠷᠠᠬᠤ ᠬᠠᠨᠳᠤᠰᠢ ᠲᠠᠢ ᠭᠡᠪᠡ᠃      11 ᠰᠠᠷ᠎ᠠ ᠶᠢᠨ 3 ᠤ ᠡᠳᠦᠷ᠂ ᠭᠦᠭᠡᠬᠤᠲᠠ ᠶᠢᠨ 1 ᠳᠣᠣᠷ᠎ᠠ ᠲᠦᠭᠰᠢᠭᠦᠷᠢᠲᠡᠢ ᠭᠠᠵᠠᠷ ᠣᠷᠣᠨ ᠢ ᠥᠨᠳᠥᠷ ᠲᠦᠭᠰᠢᠭᠦᠷᠢᠲᠡᠢ ᠭᠠᠵᠠᠷ ᠣᠷᠣᠨ ᠪᠣᠯᠭᠠᠨ ᠲᠣᠬᠢᠷᠠᠭᠤᠯᠵᠤ᠂ 13 ᠥᠨᠳᠥᠷ ᠲᠦᠭᠰᠢᠭᠦᠷᠢᠲᠡᠢ ᠭᠠᠵᠠᠷ ᠣᠷᠣᠨ ᠢ ᠳᠤᠮᠳᠠ ᠲᠦᠭᠰᠢᠭᠦᠷᠢᠲᠡᠢ ᠭᠠᠵᠠᠷ ᠣᠷᠣᠨ ᠪᠣᠯᠭᠠᠨ ᠪᠠᠭᠤᠷᠠᠭᠤᠯᠵᠤ᠂ 2 ᠳᠤᠮᠳᠠ ᠲᠦᠭᠰᠢᠭᠦᠷᠢᠲᠡᠢ ᠭᠠᠵᠠᠷ ᠣᠷᠣᠨ ᠢ ᠳᠣᠣᠷ᠎ᠠ ᠲᠦᠭᠰᠢᠭᠦᠷᠢᠲᠡᠢ ᠭᠠᠵᠠᠷ ᠣᠷᠣᠨ ᠪᠣᠯᠭᠠᠨ ᠪᠠᠭᠤᠷᠠᠭᠤᠯᠪᠠ᠃ ᠡᠨᠡ ᠡᠳᠦᠷ ᠪᠠᠰᠠ ᠬᠢᠵᠢᠭ ᠦᠭᠡᠢ 84 ᠰᠠᠭᠤᠭᠠᠯᠢ ᠲᠣᠭᠤᠷᠢᠭ ᠢ ᠪᠢᠲᠡᠭᠦᠮᠵᠢᠯᠡᠯ ᠠᠴᠠ ᠲᠠᠶᠢᠯᠪᠠ᠃      ᠸᠢᠷᠦ᠋ᠰ ᠤᠨ ᠲᠠᠷᠬᠠᠭᠠᠯᠲᠠ ᠶᠢᠨ ᠬᠡᠯᠬᠢᠶ᠎ᠡ ᠶᠢ ᠦᠳᠲᠡᠷ ᠲᠦᠷᠭᠡᠨ ᠲᠠᠰᠤᠯᠬᠤ ᠶᠢᠨ ᠲᠥᠯᠥᠭᠡ᠂ 10 ᠰᠠᠷ᠎ᠠ ᠶᠢᠨ 25  ᠤ ᠡᠳᠦᠷ ᠠᠴᠠ ᠨᠠᠭᠠᠰᠢ ᠭᠦᠭᠡᠬᠤᠲᠠ ᠳᠤ ᠵᠠᠯᠭᠠᠭ᠎ᠠ ᠪᠠᠷ ᠬᠡᠳᠦᠨ ᠡᠭᠡᠯᠵᠢ ᠶᠢᠨ ᠶᠡᠭᠡ ᠬᠡᠪᠴᠢᠶᠡᠨ ᠤ ᠪᠦᠭᠦ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠥᠷᠨᠢᠭᠦᠯᠵᠦ᠂ ᠬᠤᠲᠠ ᠶᠢᠨ ᠬᠡᠪᠴᠢᠶᠡᠨ ᠳᠠᠬᠢ ᠰᠠᠭᠤᠭᠠᠯᠢ ᠠᠷᠠᠳ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ᠂ ᠪᠠᠷᠢᠯᠭ᠎ᠠ ᠶᠢᠨ ᠭᠠᠵᠠᠷ ᠤᠨ ᠠᠵᠢᠯᠲᠠᠨ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠬᠥᠮᠥᠰ ᠵᠡᠷᠭᠡ ᠭᠤᠣᠯᠳᠠᠯᠭ᠎ᠠ ᠲᠠᠢ ᠬᠥᠮᠥᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠡᠷᠴᠢᠮ  ᠢᠶᠠᠨ ᠴᠢᠩᠭᠠᠷᠠᠭᠤᠯᠵᠤ᠂ ᠨᠢᠭᠡ ᠪᠦᠯᠦᠭ ᠠᠷᠭ᠎ᠠ ᠴᠢᠨᠠᠷᠲᠠᠢ ᠬᠠᠯᠳᠠᠪᠤᠷᠢᠯᠠᠭᠳᠠᠭᠴᠢ ᠶᠢ ᠲᠥᠪᠯᠡᠷᠡᠭᠦᠯᠦᠨ ᠢᠯᠡᠷᠡᠭᠦᠯᠦᠭᠰᠡᠨ ᠪᠥᠭᠡᠳ ᠳᠠᠷᠤᠢ ᠲᠦᠷᠭᠡᠨ ᠬᠦᠴᠦᠲᠡᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠠᠢ᠃      ᠸᠢᠷᠦ᠋ᠰ ᠤᠨ ᠳᠡᠯᠭᠡᠷᠡᠭᠰᠡᠨ ᠣᠨᠴᠠᠯᠢᠭ ᠠᠴᠠ ᠦᠵᠡᠪᠡᠯ᠂ ᠬᠢᠵᠢᠭ ᠤᠨ ᠪᠠᠶᠢᠳᠠᠯ ᠤᠨ ᠬᠥᠭᠵᠢᠯᠲᠡ ᠳᠤ ᠮᠥᠨ ᠲᠣᠬᠲᠠᠭᠠᠯᠲᠤ ᠪᠤᠰᠤ ᠴᠢᠨᠠᠷ ᠣᠷᠣᠰᠢᠵᠤ ᠪᠠᠶᠢᠨ᠎ᠠ᠃ ᠲᠠᠷᠠᠭᠠᠴᠢ  ᠶᠢᠨ ᠠᠯᠬᠤᠮ  ᠳᠤ  ᠭᠦᠭᠡᠬᠤᠲᠠ  ᠨᠡᠶᠢᠭᠡᠮ  ᠤᠨ  ᠪᠠ ᠭᠤᠣᠯᠳᠠᠯᠭ᠎ᠠ ᠲᠠᠢ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠶᠢᠨ ᠬᠠᠮᠲᠤ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠪᠴᠢᠲᠠᠶ ᠪᠠᠷ ᠰᠡᠷᠭᠡᠶᠢᠯᠡᠨ ᠡᠵᠡᠮᠳᠡᠵᠦ᠂ ᠬᠠᠮᠤᠭ ᠤᠨ ᠴᠢᠩᠭ᠎ᠠ ᠬᠠᠮᠢᠶᠠᠷᠤᠯᠲᠠ ᠪᠠᠷ ᠡᠮᠬᠢ ᠵᠢᠷᠤᠮ ᠲᠠᠢ ᠲᠠᠯᠪᠢᠬᠤ ᠶᠢ ᠪᠡᠶᠡᠯᠡᠭᠦᠯᠬᠦ ᠪᠠᠷ ᠪᠤᠢ᠃
ᠢᠷᠡᠯᠲᠡ᠄ ᠳᠤᠮᠳᠠᠳᠤs  ᠶᠢᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ