11ᠰᠠᠷ᠎ᠠ ᠶᠢᠨ1 ᠤ ᠡᠳᠦᠷ ᠠᠴᠠ ᠡᠬᠢᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮ︾ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2022/11/4
      ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠣᠯᠣᠳᠤᠭᠠᠷ ᠬᠤᠷᠠᠯ ᠠᠴᠠ ᠪᠠᠲᠤᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮ︾ ( ᠳᠣᠷᠣᠭᠰᠢ ︽ᠳᠦᠷᠢᠮ︾ ᠭᠡᠵᠦ ᠲᠣᠪᠴᠢᠯᠠᠨ᠎ᠠ )  ᠢ 2022 ᠣᠨ ᠤ 11 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ᠡᠨᠡ ᠪᠣᠯ ᠮᠠᠨ ᠤ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠵᠢᠷᠤᠮᠵᠢᠭᠤᠯᠬᠤ ᠠᠩᠬᠠᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠣᠨ᠎ᠠ᠃      ︽ᠳᠦᠷᠢᠮ︾ ᠨᠢ ᠮᠠᠨ ᠤ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠶᠡᠷᠦᠩᠬᠡᠢ ᠳᠦᠷᠢᠮ᠂ ᠰᠠᠶᠢᠨ ᠲᠤᠷᠠᠴᠤᠤᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ᠂ ᠳᠡᠮᠵᠢᠯᠭᠡ ᠪᠠ ᠪᠠᠲᠤᠯᠠᠭ᠎ᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠳᠠᠭᠠᠯᠳᠤᠭᠤᠯᠤᠭᠰᠠᠨ ᠳᠦᠷᠢᠮ ᠵᠡᠷᠭᠡ 7 ᠪᠦᠯᠦᠭ 57 ᠵᠦᠢᠯ ᠤᠨ ᠪᠣᠳᠠᠲᠠᠢ ᠲᠣᠭᠲᠠᠭᠠᠯ ᠭᠠᠷᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠳᠠᠬᠢ ᠦᠨᠳᠦᠰᠦᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ᠂ ᠣᠷᠳᠣ ᠬᠤᠭᠤᠴᠠᠭᠠᠨ ᠤ ᠴᠢᠨᠠᠷᠲᠠᠢ ᠠᠰᠠᠭᠤᠳᠠᠯ ᠢ ᠰᠢᠢᠳᠪᠦᠷᠢᠯᠡᠪᠡ᠃ ᠭᠤᠣᠯ ᠠᠭᠤᠯᠭ᠎ᠠ ᠨᠢ 7 ᠲᠠᠯ᠎ᠠ ᠶᠢᠨ ᠬᠤᠯᠪᠣᠭᠳᠠᠯ ᠪᠦᠬᠦᠢ ᠲᠣᠭᠲᠠᠭᠠᠯ ᠳᠤ ᠢᠯᠡᠷᠡᠵᠦ ᠪᠤᠶ᠄ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠲᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ ︔ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠶᠢ ᠰᠢᠯᠤᠭᠤᠳᠬᠠᠨ᠎ᠠ ︔ ᠰᠠᠶᠢᠨ ᠳᠤᠷ᠎ᠠ ᠶᠢᠨ ᠦᠢᠯᠡᠴᠢᠯᠡᠭᠡ ᠶᠢ ᠵᠢᠷᠤᠮᠵᠢᠭᠤᠯᠤᠨ ᠬᠥᠭᠵᠢᠭᠦᠯᠬᠦ ᠶᠢ ᠬᠥᠲᠥᠯᠥᠨ ᠵᠢᠯᠣᠭᠤᠳᠤᠨ᠎ᠠ ︔ ᠰᠠᠶᠢᠨ ᠳᠤᠷ᠎ᠠ ᠶᠢᠨ ᠦᠢᠯᠡᠴᠢᠯᠡᠭᠡᠨ ᠤ ᠪᠣᠳᠠᠲᠤ ᠦᠢᠯᠡᠳᠦᠯ ᠢ ᠪᠦᠲᠦᠮᠵᠢᠲᠡᠶ ᠳᠡᠭᠡᠭᠰᠢᠯᠡᠭᠦᠯᠦᠨ᠎ᠡ ︔ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ ︔ ᠰᠠᠶᠢᠨ ᠳᠤᠷ᠎ᠠ ᠶᠢᠨ ᠦᠢᠯᠡᠴᠢᠯᠡᠭᠡᠨ ᠤ ᠤᠷᠮᠠᠰᠢᠭᠤᠯᠬᠤ ᠲᠣᠭᠲᠠᠴᠠ ᠶᠢ ᠪᠠᠶᠠᠯᠢᠬᠵᠢᠭᠤᠯᠤᠨ᠎ᠠ ︔ ᠰᠠᠶᠢᠨ ᠳᠤᠷ᠎ᠠ ᠶᠢᠨ ᠦᠢᠯᠡᠴᠢᠯᠡᠭᠡᠨ  ᠤ ᠡᠷᠬᠡ  ᠳᠤ ᠬᠠᠯᠳᠠᠭᠰᠠᠨ ᠬᠠᠷᠢᠭᠤᠴᠠᠯᠭ᠎ᠠ  ᠶᠢ ᠲᠣᠳᠣᠷᠬᠠᠶᠢᠯᠠᠨ᠎ᠠ᠃      ︽ᠳᠦᠷᠢᠮ︾ ᠨᠢ ᠬᠠᠤᠯᠢᠵᠢᠯ ᠤᠨ ᠠᠷᠭ᠎ᠠ ᠪᠠᠷᠢᠯ ᠢᠶᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠬᠢᠵᠠᠭᠠᠷᠯᠠᠬᠤ ᠬᠦᠴᠦᠨ ᠪᠠ ᠬᠡᠷᠡᠭᠵᠢᠭᠦᠯᠬᠦ ᠬᠦᠴᠦᠨ ᠢ ᠴᠢᠩᠭᠠᠷᠠᠭᠤᠯᠤᠨ᠂ ᠥᠭᠡᠳᠡᠷᠬᠡᠭ ᠴᠠᠶᠢᠯᠭᠠᠨ ᠶᠣᠰᠣ ᠰᠤᠷᠲᠠᠬᠤᠨ ᠤ ᠱᠠᠭᠠᠷᠳᠠᠯᠭ᠎ᠠ ᠶᠢ ᠲᠣᠳᠣᠷᠬᠠᠢ ᠬᠠᠤᠯᠢ ᠴᠠᠭᠠᠵᠠ ᠶᠢᠨ ᠵᠢᠷᠤᠮᠵᠢᠯ ᠪᠣᠯᠭᠠᠨ ᠬᠤᠪᠢᠷᠠᠭᠤᠯᠬᠤ ᠪᠣᠯᠣᠨ᠎ᠠ᠂ ᠮᠠᠨ ᠤ ᠣᠷᠣᠨ ᠤ ᠨᠡᠶᠢᠭᠡᠮ ᠤᠨ ᠪᠣᠯᠪᠠᠰᠤᠨ ᠤ ᠳᠠᠪᠰᠢᠯᠲᠠ ᠡᠶ᠎ᠡ ᠵᠣᠬᠢᠴᠠᠯ ᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠣᠨ᠎ᠠ᠂ ︽ᠵᠢᠳᠬᠦᠯ᠂ ᠨᠥᠭᠦᠷᠰᠡᠭ᠂ ᠬᠠᠪᠰᠤᠷᠤᠯᠴᠠᠯ᠂ ᠳᠠᠪᠰᠢᠩᠭᠤᠢ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠳᠣᠲᠣᠭᠠᠳᠤ ᠱᠠᠭᠠᠷᠳᠠᠯᠭ᠎ᠠ ᠶᠢ ᠦᠢᠯᠡᠳᠦᠯᠭᠡᠵᠢᠭᠦᠯᠬᠦ᠂ ᠡᠷᠬᠢᠮ ᠳᠡᠭᠡᠳᠦ ᠶᠣᠰᠣ ᠮᠣᠷᠠᠯ ᠢ ᠬᠥᠮᠥᠵᠢᠭᠦᠯᠬᠦ ᠬᠠᠤᠯᠢ ᠲᠣᠭᠲᠠᠭᠠᠬᠤ ᠪᠣᠳᠠᠲᠠᠢ ᠠᠷᠭ᠎ᠠ ᠬᠡᠮᠵᠢᠶ᠎ᠡ᠂ ᠮᠥᠨ ᠴᠦ ᠨᠡᠶᠢᠭᠡᠮ ᠢᠯᠠᠩᠭᠤᠶ᠎ᠠ ᠥᠷᠭᠡᠨ ᠣᠯᠠᠨ ᠰᠠᠶᠢᠨ ᠲᠤᠷᠠᠴᠤᠳ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠤᠯᠭᠠᠬᠤ ᠬᠠᠯᠠᠭᠤᠨ ᠬᠦᠰᠡᠯ ᠳᠤ ᠬᠠᠷᠢᠭᠤ ᠥᠭᠭᠦ ᠪᠣᠳᠠᠲᠠᠢ ᠠᠵᠢᠯᠯᠠᠭ᠎ᠠ ᠪᠣᠯᠣᠨ᠎ᠠ᠂ ᠮᠠᠨ ᠤ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠭᠦᠭᠵᠢᠭᠦ ᠶᠢ ᠤᠯᠠᠮ ᠨᠢᠭᠡ ᠠᠯᠬᠤᠮ ᠠᠬᠢᠭᠤᠯᠬᠤ ᠳᠤ ᠬᠠᠤᠯᠢ ᠪᠠᠷ ᠵᠠᠰᠠᠬᠤ ᠬᠦᠴᠦᠲᠡᠢ ᠪᠠᠲᠤᠯᠠᠭ᠎ᠠ ᠬᠠᠩᠭᠠᠪᠠ᠂ ᠰᠠᠶᠢᠨ ᠳᠤᠷ᠎ᠠ  ᠶᠢᠨ ᠦᠢᠯᠡᠴᠢᠯᠡᠭᠡᠨ  ᠤ ᠰᠢᠰᠲ᠋ᠧᠮ  ᠢ ᠲᠡᠭᠦᠯᠳᠡᠷᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ