ᠭᠦᠭᠡᠬᠤᠲᠠ᠄ ︽ᠵᠢᠷᠭᠤᠭᠠᠨ ᠪᠤᠯᠬᠤ ᠦᠭᠡᠢ︾ ᠱᠠᠭᠠᠷᠳᠠᠯᠭ᠎ᠠ ᠪᠠᠷ ᠣᠯᠠᠨ ᠲᠦᠮᠡᠨ ᠤ ᠡᠪᠡᠳᠴᠢᠨ ᠦᠵᠡᠭᠦᠯᠭᠦ ᠵᠠᠮ ᠢ ᠰᠢᠯᠤᠭᠤᠳᠬᠠᠵᠤ ᠶᠠᠮᠠᠷᠪᠠ | ᠭᠡᠯᠪᠡᠷᠢ ᠶᠠᠮᠠᠷᠪᠠ ᠰᠢᠯᠲᠠᠭᠠᠨ ᠢᠶᠠᠷ 120 ᠲᠦᠷᠭᠡᠨ ᠠᠪᠤᠷᠠᠬᠤ ᠲᠡᠷᠭᠡ ᠣᠷᠣᠵᠤ ᠭᠠᠷᠬᠤ ᠶᠢ ᠬᠢᠵᠠᠭᠠᠷᠯᠠᠵᠤ ᠪᠤᠯᠬᠤ ᠦᠭᠡᠢ | 11 ᠰᠠᠷ᠎ᠠ ᠶᠢᠨ 6 ᠤ ᠡᠳᠦᠷ᠂ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ( | 69 ᠳ᠋ᠦ᠋ᠭᠡᠷ ᠲᠠᠯᠠᠪᠠᠶ ) ᠳᠡᠭᠡᠷ᠎ᠡ᠂ ᠭᠦᠭᠡᠬᠤᠲᠠ ᠶᠢᠨ ᠳᠡᠳ᠋ ᠬᠤᠲᠠ ᠶᠢᠨ ᠳᠠᠷᠤᠭ᠎ᠠ ᠰᠢᠦᠢ ᠱᠧᠦ ᠵᠢᠢ ᠢᠯᠡᠷᠬᠡᠶᠢᠯᠡᠬᠦ ᠳᠡᠭᠡᠨ᠂ ᠪᠢᠳᠡ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ | ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠎ᠠ᠃ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠭᠰᠠᠨ ᠶᠠᠪᠤᠳᠠᠯ ᠳᠤ ᠠᠯᠢᠪᠠ ᠬᠠᠮᠢᠶᠠᠷᠤᠨ | ᠡᠵᠡᠮᠳᠡᠬᠦ ᠲᠦᠷᠦ ᠶᠢᠨ ᠪᠣᠳᠣᠯᠭ᠎ᠠ ᠴᠥᠮ ᠵᠠᠮ ᠲᠠᠯᠪᠢᠵᠤ ᠥᠭᠭᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠴᠥᠮ ᠣᠯᠠᠨ | ᠲᠦᠮᠡᠨ ᠤ ᠡᠪᠡᠳᠴᠢᠨ ᠦᠵᠡᠭᠦᠯᠭᠦ ᠵᠠᠮ ᠮᠥᠷ ᠢ ᠰᠠᠭᠠᠳ ᠦᠭᠡᠢ ᠨᠠᠪᠲᠠᠷᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠭᠦ ᠬᠡᠷᠡᠭᠴᠡᠭᠡ ᠱᠠᠭᠠᠷᠳᠠᠯᠭ᠎ᠠ ᠶᠢ | ᠡᠷᠡᠰ ᠬᠦᠴᠦᠲᠡᠢ ᠪᠠᠲᠤᠯᠠᠬᠤ ᠬᠡᠷᠡᠭᠲᠡᠢ᠃ ᠡᠭᠦᠨ ᠳᠤ ᠪᠢᠳᠡ ︽ᠵᠢᠷᠭᠤᠭᠠᠨ ᠪᠤᠯᠬᠤ ᠦᠭᠡᠢ︾ ᠭᠡᠰᠡᠨ ᠱᠠᠭᠠᠷᠳᠠᠯᠭ᠎ᠠ ᠶᠢ ᠳᠤᠷᠠᠳᠴᠤ ᠪᠠᠶᠢᠨ᠎ᠠ ᠭᠡᠯᠡ᠃ | ᠨᠢᠭᠡ ᠳᠤ᠂ 120 ᠲᠦᠷᠭᠡᠨ ᠠᠪᠤᠷᠠᠯᠳᠠ ᠶᠢᠨ ᠲᠡᠷᠭᠡ ᠬᠠᠮᠤᠭ ᠲᠡᠷᠢᠭᠦᠨ ᠳᠤ ᠰᠠᠭᠤᠭᠠᠯᠢ ᠠᠷᠠᠳ ᠤᠨ ᠲᠣᠭᠤᠷᠢᠭ︵ᠲᠣᠰᠬᠤᠨ︶᠂ ᠡᠮᠴᠢᠯᠡᠭᠡᠨ ᠤ | ᠪᠠᠶᠢᠭᠤᠯᠤᠮᠵᠢ ᠪᠠᠷ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠶᠠᠮᠠᠷᠪᠠ ᠭᠡᠯᠪᠡᠷᠢ᠂ ᠶᠠᠮᠠᠷᠪᠠ ᠰᠢᠯᠲᠠᠭᠠᠨ ᠢᠶᠠᠷ ᠣᠷᠣᠵᠤ ᠭᠠᠷᠬᠤ ᠶᠢ ᠬᠢᠵᠠᠭᠠᠷᠯᠠᠵᠤ ᠪᠤᠯᠬᠤ ᠦᠭᠡᠢ᠃ | ᠡᠪᠡᠳᠴᠢᠲᠡᠨ ᠢ ᠰᠢᠯᠵᠢᠭᠦᠯᠦᠨ ᠬᠦᠷᠭᠡᠵᠦ ᠡᠮᠨᠡᠭᠦᠯᠦᠭᠰᠡᠨ ᠪᠤᠰᠤᠳ ᠨᠡᠶᠢᠭᠡᠮ ᠤᠨ ᠲᠡᠷᠭᠡ ᠬᠥᠰᠬᠡ ᠶᠢᠨ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ᠂ | ᠡᠷᠡᠭᠦᠯ ᠮᠡᠨᠳᠦ ᠶᠢᠨ ᠺᠣᠳ᠋ ᠢ ᠨᠢ ᠴᠠᠭ ᠲᠤᠬᠠᠢ ᠳᠤᠨᠢ ᠪᠠᠶᠢᠴᠠᠭᠠᠭᠰᠠᠨ ᠤ ᠳᠠᠷᠠᠭ᠎ᠠ ᠲᠦᠷᠭᠡᠨ ᠨᠡᠪᠲᠡᠷᠡᠭᠦᠯᠬᠦ ᠬᠡᠷᠡᠭᠲᠡᠢ᠃ | ᠬᠤᠶᠠᠷ ᠲᠤ᠂ 120 ᠡᠮᠴᠢᠯᠡᠭᠡᠨ ᠤ ᠲᠦᠷᠭᠡᠨ ᠠᠪᠤᠷᠠᠯᠳᠠ ᠶᠢᠨ ᠵᠢᠯᠤᠭᠤᠳᠬᠤ ᠲᠥᠪ ᠨᠢ ᠲᠦᠷᠭᠡᠨ ᠴᠢᠨᠠᠷᠲᠠᠢ ᠵᠢᠷᠦᠬᠡᠨ ᠤ ᠮᠠᠭᠤᠳᠠᠯ᠂ ᠲᠦᠷᠭᠡᠨ | ᠴᠢᠨᠠᠷᠲᠠᠢ ᠭᠡᠮᠲᠦᠯ᠂ ᠵᠢᠷᠦᠬᠡᠨ ᠪᠤᠯᠴᠢᠩ ᠤᠨ ᠲᠦᠭᠵᠢᠷᠡᠯ ᠵᠡᠷᠭᠡ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠤ ᠲᠦᠷᠭᠡᠨ ᠠᠪᠤᠷᠠᠯᠳᠠ ᠶᠢᠨ ᠤᠲᠠᠰᠤ ᠶᠢ | ᠳᠤᠰᠤᠭᠰᠠᠨ ᠤ ᠳᠠᠷᠠᠭ᠎ᠠ᠂ ᠳᠠᠷᠤᠶᠢᠬᠠᠨ ᠠᠯᠢ ᠣᠶᠢᠷ᠎ᠠ ᠠᠴᠠ ᠨᠢ ᠠᠯᠢ ᠪᠠᠴᠢᠮ ᠳᠤᠨᠢ ᠬᠦᠷᠬᠦ ᠵᠠᠷᠴᠢᠮ ᠢᠶᠠᠷ ᠲᠡᠷᠭᠡ ᠬᠥᠰᠬᠡ ᠪᠠᠨ ᠲᠣᠬᠢᠷᠠᠭᠤᠯᠵᠤ᠂ ᠴᠠᠭ | ᠲᠤᠬᠠᠢ ᠳᠤᠨᠢ ᠲᠤᠬᠠᠢ ᠶᠢᠨ ᠲᠠᠯᠠᠪᠠᠶ ᠳᠤ ᠬᠦᠷᠬᠦ ᠬᠡᠷᠡᠭᠲᠡᠢ᠂ ᠶᠠᠮᠠᠷᠪᠠ ᠰᠢᠯᠲᠠᠭᠠᠨ ᠢᠶᠠᠷ ᠠᠪᠤᠷᠠᠨ ᠵᠠᠰᠠᠵᠤ ᠰᠢᠯᠵᠢᠭᠦᠯᠭᠦ ᠶᠢ ᠰᠠᠭᠠᠲᠠᠭᠠᠵᠤ ᠪᠤᠯᠬᠤ ᠦᠭᠡᠢ᠃ | ᠭᠤᠷᠪᠠ ᠳᠤ᠂ ᠰᠠᠭᠤᠭᠠᠯᠢ ᠠᠷᠠᠳ ᠤᠨ ᠲᠣᠭᠤᠷᠢᠭ ︵ᠲᠣᠰᠬᠤᠨ︶ ᠤᠨ ᠳᠣᠲᠣᠷᠠᠬᠢ ᠭᠠᠳᠠᠭᠰᠢ ᠭᠠᠷᠴᠤ ᠡᠮᠨᠡᠭᠦᠯᠭᠦ ᠴᠢᠬᠤᠯᠠᠲᠠᠢ ᠨᠣᠭᠤᠭᠠᠨ ᠺᠣᠳ᠋ ᠲᠠᠢ | ᠡᠪᠡᠳᠴᠢᠲᠡᠨ ᠥᠪᠡᠰᠦᠪᠡᠨ ᠶᠠᠪᠤᠵᠤ ᠪᠣᠯᠣᠨ᠎ᠠ᠂ ᠡᠮᠨᠡᠭᠦᠯᠦᠭᠰᠡᠨ ᠤ ᠳᠠᠷᠠᠭ᠎ᠠ ᠰᠠᠭᠤᠭᠠᠯᠢ ᠠᠷᠠᠳ ᠤᠨ ᠲᠣᠭᠤᠷᠢᠭ ᠲᠠᠭᠠᠨ ᠪᠤᠴᠠᠵᠤ ᠺᠣᠳ᠋ ᠢᠶᠠᠨ ᠰᠢᠷᠪᠢᠭᠰᠡᠨ ᠤ | ᠳᠠᠷᠠᠭ᠎ᠠ ᠣᠷᠣᠵᠤ ᠪᠣᠯᠣᠨ᠎ᠠ᠂ ᠶᠠᠮᠠᠷᠪᠠ ᠰᠢᠯᠲᠠᠭᠠᠨ ᠢᠶᠠᠷ ᠣᠷᠣᠵᠤ ᠭᠠᠷᠬᠤ ᠶᠢ ᠬᠤᠷᠢᠭᠯᠠᠵᠤ ᠪᠤᠯᠬᠤ ᠦᠭᠡᠢ᠃ | ᠳᠥᠷᠪᠡ ᠳᠤ᠂ ᠪᠦᠭᠦ ᠬᠤᠲᠠ ᠶᠢᠨ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠢ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠡᠪᠡᠳᠴᠢᠲᠡᠨ ᠭᠥᠯᠢᠶᠡᠨ ᠠᠪᠬᠤ ᠡᠮᠨᠡᠯᠭᠡ ᠶᠢᠨ ᠬᠤᠷᠢᠶ᠎ᠠ ᠳᠤ ᠭᠦᠷᠦᠭᠰᠡᠨ ᠤ ᠳᠠᠷᠠᠭ᠎ᠠ᠂ ᠳᠠᠷᠤᠢ ᠲᠦᠷᠭᠡᠨ ᠣᠨᠣᠰᠢᠯᠠᠨ ᠡᠮᠨᠡᠵᠦ᠂ ᠬᠠᠮᠲᠤ | ᠳᠤᠨᠢ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠦᠭᠡᠢ ᠭᠡᠳᠡᠭ ᠢᠶᠠᠷ ᠰᠢᠯᠲᠠᠭ ᠪᠤᠯᠭᠠᠵᠤ ᠣᠨᠣᠰᠢᠯᠠᠨ | ᠡᠮᠨᠡᠭᠦ ᠪᠠᠨ ᠲᠡᠪᠴᠢᠨ ᠵᠣᠭᠰᠣᠵᠤ ᠪᠤᠯᠬᠤ ᠦᠭᠡᠢ᠃ | ᠲᠠᠪᠤ ᠳᠤ᠂ ᠪᠦᠭᠦ ᠬᠤᠲᠠ ᠶᠢᠨ ᠨᠥᠬᠦᠴᠡᠯ ᠳᠤ ᠨᠡᠶᠢᠴᠡᠭᠦ ᠡᠯ᠎ᠡ ᠱᠠᠲᠤᠨ ᠤ ᠡᠮᠴᠢ ᠰᠤᠪᠢᠯᠠᠭᠴᠢ ᠨᠠᠷ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ | ᠠᠵᠢᠯ ᠤᠨ ᠪᠠᠶᠢᠷᠢ ᠳᠠᠭᠠᠨ ᠪᠤᠴᠠᠵᠤ ᠠᠵᠢᠯᠯᠠᠬᠤ ᠬᠡᠷᠡᠭᠲᠡᠢ᠂ ᠠᠵᠢᠯ ᠤᠨ ᠪᠠᠶᠢᠷᠢ ᠳᠠᠭᠠᠨ ᠪᠤᠴᠠᠬᠤ ᠶᠢ ᠤᠴᠢᠷ ᠰᠢᠯᠲᠠᠭᠠᠨ ᠦᠭᠡᠢ ᠪᠠᠷ ᠲᠡᠪᠴᠢᠵᠦ ᠪᠤᠯᠬᠤ ᠦᠭᠡᠢ᠃ | | ᠵᠢᠷᠭᠤᠭ᠎ᠠ ᠳᠤ᠂ ᠪᠦᠭᠦ ᠬᠤᠲᠠ ᠶᠢᠨ ᠪᠤᠶ ᠪᠦᠬᠦᠢ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠵᠢᠴᠢ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ( ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ) ᠠᠯᠬᠤᠮ ᠠᠯᠬᠤᠮ ᠢᠶᠠᠷ ᠡᠮᠴᠢᠯᠡᠭᠡ ᠡᠭᠢᠯᠡᠭᠦᠯᠭᠦ ᠶᠢᠨ | ᠬᠠᠮᠲᠤ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠦᠨᠳᠦᠰᠦᠨ ᠡᠮᠴᠢᠯᠡᠭᠡ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ᠂ | ᠤᠴᠢᠷ ᠰᠢᠯᠲᠠᠭᠠᠨ ᠦᠭᠡᠢ ᠪᠠᠷ ᠡᠮᠴᠢᠯᠡᠭᠡ ᠪᠠᠨ ᠵᠣᠭᠰᠣᠵᠤ ᠪᠤᠯᠬᠤ ᠦᠭᠡᠢ᠃ |