ᠸᠠᠩ ᠯᠢ ᠰᠢᠶᠠ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠣᠬᠢᠷᠠᠭᠤᠯᠤᠯᠲᠠ ᠬᠢᠪᠠ
ᠨᠡᠶᠢᠲᠡᠯᠡᠭᠰᠡᠨ ᠴᠠᠭ᠄
2022/11/9
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠰᠥᠩ ᠱᠤᠸᠠᠩ︶ 11 ᠳ᠋ᠦ᠋ᠭᠡᠷ ᠰᠠᠷ᠎ᠠ ᠶᠢᠨ 8 ᠤ ᠣᠷᠣᠶ᠂ ᠸᠠᠩ ᠯᠢ ᠰᠢᠶᠠ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠥᠬᠡᠬᠤᠲᠠ ᠶᠢᠨ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃      ᠸᠠᠩ ᠯᠢ ᠰᠢᠶᠠ ᠬᠡᠯᠡᠭᠰᠡᠨ ᠨᠢ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠵᠢᠷᠤᠮᠯᠠᠨ ᠠᠵᠢᠯᠯᠠᠵᠤ᠂ ︽ᠬᠥᠳᠡᠯᠦᠩᠭᠦᠢ ᠪᠠᠷ ᠴᠡᠪᠡᠷᠯᠡᠬᠦ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠦᠨᠡᠨ ᠠᠴᠠ ᠵᠥᠪ ᠢ ᠡᠷᠢᠬᠦ᠂ ᠰᠢᠨᠵᠢᠯᠡᠬᠦ ᠤᠬᠠᠭᠠᠨᠴᠢ ᠣᠨᠣᠪᠴᠢᠲᠠᠢ ᠪᠠᠢᠬᠤ ᠶᠢ ᠪᠠᠷᠢᠮᠲᠠᠯᠠᠵᠤ᠂ ᠨᠡᠶᠢᠭᠡᠮ ᠤᠨ ᠥᠩᠭᠡᠨ ᠲᠠᠯ᠎ᠠ ᠶᠢ ᠡᠷᠲᠡᠬᠡᠨ ᠴᠡᠪᠡᠷᠯᠡᠬᠦ ᠬᠡᠷᠡᠭᠲᠡᠢ᠃ ᠨᠢᠭᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠠᠷᠭ᠎ᠠ ᠴᠢᠨᠠᠷ ᠢᠯᠡᠷᠡᠭᠰᠡᠨ ᠲᠤᠰᠠᠭᠠᠷᠯᠠᠬᠤ ᠭᠠᠵᠠᠷ᠂ ᠠᠶᠤᠯ ᠲᠦᠭᠰᠢᠭᠦᠷᠢ ᠶᠡᠬᠡᠲᠡᠢ ᠣᠷᠣᠨ᠂ ᠭᠤᠣᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠠᠷᠭ᠎ᠠ ᠴᠢᠨᠠᠷᠲᠠᠢ ᠡᠪᠡᠳᠴᠢᠨ ᠤ ᠵᠢᠱᠢᠶ᠎ᠡ ᠪᠣᠯᠤᠨ ᠣᠶᠢᠷ᠎ᠠ ᠬᠠᠪᠢᠳᠠᠯ ᠢ ᠴᠠᠭ ᠮᠥᠴᠡ ᠶᠢ ᠠᠯᠳᠠᠯ ᠦᠭᠡᠢ ᠪᠠᠷ ᠱᠦᠭᠦᠨ ᠭᠠᠷᠭᠠᠵᠤ᠂ ᠬᠢᠵᠢᠭ ᠤᠨ ᠬᠠᠯᠳᠠᠪᠤᠷᠢᠯᠠᠯ ᠤᠨ ᠬᠡᠯᠬᠢ᠊ ᠡᠶ᠎ᠡ ᠶᠢ ᠲᠦᠷᠭᠡᠨ ᠲᠠᠰᠤᠯᠬᠤ ᠬᠡᠷᠡᠭᠲᠡᠢ᠃ ᠬᠤᠶᠠᠷ ᠲᠤ᠂ ᠨᠠᠭᠠᠲᠤ ᠵᠠᠬ᠎ᠠ ᠶᠢᠨ ᠰᠡᠳᠬᠢᠬᠦᠢ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠰᠡᠷᠭᠡᠶᠢᠯᠡᠨ ᠡᠵᠡᠮᠳᠡᠭᠰᠡᠨ ᠨᠢ ᠣᠨᠣᠪᠴᠢ ᠦᠭᠡᠢ᠂ ᠠᠷᠠᠳ ᠤᠨ ᠠᠮᠢᠳᠤᠷᠠᠯ ᠢ ᠪᠠᠲᠤᠯᠠᠭᠰᠠᠨ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠬᠤ ᠵᠡᠷᠭᠡ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠭᠤᠷᠪᠠ ᠳᠤ᠂ ᠤᠯᠠᠨ ᠲᠦᠮᠡᠨ ᠢ ᠢᠲᠡᠭᠡᠵᠦ ᠂ ᠤᠯᠠᠨ ᠲᠦᠮᠡᠨ ᠢ ᠵᠣᠬᠢᠶᠠᠨ ᠪᠠᠶᠢᠭᠤᠯᠵᠤ᠂ ᠤᠯᠠᠨ ᠲᠦᠮᠡᠨ ᠢ ᠳᠠᠶᠢᠴᠢᠯᠠᠵᠤ᠂ ᠬᠥᠮᠦᠨ ᠪᠦᠬᠦᠨ ᠢ ︽ᠬᠢᠨᠠᠭᠴᠢ︾᠂ ︽ᠬᠢᠵᠢᠭ ᠤᠨ ᠰᠡᠷᠭᠡᠶᠢᠯᠡᠭᠴᠢ︾ ᠪᠣᠯᠭᠠᠵᠤ᠂ ᠨᠢᠭᠡ ᠵᠦᠭ ᠲᠤ ᠬᠠᠷᠠᠵᠤ ᠨᠢᠭᠡ ᠲᠡᠶᠢᠰᠢ ᠬᠦᠴᠦᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠡᠨᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ ᠤ ᠢᠯᠠᠯᠲᠠ ᠶᠢ ᠤᠯᠬᠤ ᠬᠡᠷᠡᠭᠲᠡᠢ᠃ ᠲᠦᠷᠪᠡ ᠳᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠱᠠᠲᠤᠨ ᠤ ᠤᠳᠤᠷᠢᠳᠬᠤ ᠺᠠᠳ᠋ᠷ ᠱᠠᠳᠤ ᠳᠠᠪᠬᠤᠷᠭ᠎ᠠ ᠢᠯᠭᠠᠯ ᠦᠭᠡᠢ ᠪᠠᠷ ᠴᠥᠮ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠠᠷᠠᠳ ᠤᠯᠠᠨ ᠤ ᠲᠤᠰᠬᠠᠭᠰᠠᠨ ᠪᠠᠴᠢᠮ ᠶᠠᠪᠤᠳᠠᠯ᠂ ᠬᠦᠴᠢᠷ ᠶᠠᠪᠤᠳᠠᠯ᠂ ᠵᠣᠪᠠᠵᠤ ᠪᠠᠶᠢᠭ᠎ᠠ ᠶᠠᠪᠤᠳᠠᠯ ᠢ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠵᠦ᠂ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠰᠢᠢᠳᠪᠦᠷᠢᠯᠡᠵᠦ᠂ ᠣᠪᠣᠷ ᠨᠢ ᠶᠠᠭᠠᠬᠢᠭᠰᠠᠨ ᠴᠤ ᠬᠦᠢᠲᠡᠮᠰᠦᠭ ᠬᠥᠰᠢᠭᠦᠨ ᠪᠠᠶᠢᠵᠤ ᠪᠣᠯᠬᠤ ᠦᠭᠡᠢ᠂ ᠠᠵᠢᠯ ᠢᠶᠠᠨ ᠶᠠᠭᠠᠬᠢᠭᠰᠠᠨ ᠴᠤ ᠬᠠᠰᠢ ᠶᠠᠰᠢ ᠬᠢᠵᠦ ᠪᠣᠯᠬᠤ ᠦᠭᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠰᠢᠶᠠᠨ ᠬᠤᠸᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠪᠥᠷ ᠮᠣᠩᠭᠤᠯ ᠤᠨ ᠠᠵᠢᠯ ᠤᠨ ᠳᠤᠭᠤᠶᠢᠯᠠᠩ ᠤᠨ ᠳᠠᠷᠤᠭ᠎ᠠ ᠰᠦᠨ ᠶᠠᠩ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ