ᠪᠣᠣ ᠭᠠᠩ ᠡᠷᠬᠢᠯᠡᠵᠦ ᠾᠧ ᠬᠠᠢ ᠳ᠋ᠦᠩ ᠴᠠᠩ ᠫᠧᠢ ᠵᠦᠩ ᠯᠢ ᠵᠢᠶᠦ᠋ᠩ ᠼᠤᠤ ᠰᠧ ᠶᠠᠩ ᠣᠷᠣᠯᠴᠠᠵᠠᠢ | ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 8 ᠤ ᠦᠳᠡ ᠳᠤ᠂ ᠬᠤᠳᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠠᠨ ᠤ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮᠵᠢᠯᠠᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ | ᠲᠤᠬᠢᠷᠠᠭᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ | ᠱᠦᠵᠢ ᠪᠦᠦ ᠭᠠᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠮᠥᠨ ᠬᠦ ᠬᠠᠲᠠᠭᠤ ᠪᠡᠷᠬᠡᠰᠢᠶᠡᠯ ᠲᠠᠢ | ᠪᠠᠶᠢᠭᠰᠠᠭᠠᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠤᠨ ᠳᠤᠭᠤᠶᠢᠯᠠᠩ᠂ ᠡᠯ᠎ᠡ ᠠᠵᠢᠯ ᠤᠨ ᠲᠤᠰᠬᠠᠶ ᠠᠩᠭᠢ ᠡᠷᠬᠡᠪᠰᠢ ᠢᠲᠡᠭᠡᠯ | ᠵᠣᠷᠢᠭ ᠢᠶᠠᠨ ᠪᠠᠲᠤᠳᠬᠠᠵᠤ᠂ ᠴᠡᠪᠡᠷᠯᠡᠬᠦ ᠬᠠᠷᠠᠯᠲᠠ ᠶᠢ ᠴᠢᠩᠭ᠎ᠠ ᠡᠵᠡᠮᠳᠡᠨ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠲᠤᠰᠠᠭᠠᠷᠯᠠᠬᠤ ᠭᠠᠵᠠᠷ ᠤᠨ ᠡᠬᠢ | ᠪᠠᠶᠠᠯᠢᠭ ᠤᠨ ᠳᠠᠯᠳᠠ ᠬᠦᠴᠦᠨ ᠢ ᠲᠦᠷᠭᠡᠨ ᠠᠭᠤᠳᠠᠯᠬᠤ᠂ ᠠᠷᠭ᠎ᠠ ᠴᠢᠨᠠᠷᠲᠠᠶ ᠬᠠᠯᠳᠠᠪᠤᠷᠢᠯᠠᠭᠰᠠᠳ ᠢ ᠴᠠᠭ ᠲᠤᠬᠠᠶ ᠳᠤᠨᠢ ᠰᠢᠯᠵᠢᠭᠦᠯᠦᠨ ᠲᠡᠭᠡᠭᠡᠪᠦᠷᠢᠯᠡᠬᠦ ᠪᠠ | ᠣᠶᠢᠷ᠎ᠠ ᠬᠠᠪᠢᠳᠠᠯ ᠢ ᠰᠢᠯᠵᠢᠭᠦᠯᠦᠨ ᠲᠤᠰᠠᠭᠠᠷᠯᠠᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠰᠤᠳᠤᠯᠤᠨ ᠮᠠᠭᠠᠳᠯᠠᠬᠤ ᠪᠠᠷ ᠳᠡᠮᠵᠢᠨ ᠡᠷᠬᠡᠪᠰᠢ | ᠬᠡᠷ ᠲᠡᠭᠡᠨ ᠲᠤᠰᠠᠭᠠᠷᠯᠠᠬᠤ ᠬᠡᠷᠡᠭᠲᠡᠶ ᠬᠥᠮᠦᠰ ᠲᠤ ︽ᠬᠡᠷ ᠠᠴᠠ ᠪᠠᠨ ᠭᠠᠷᠬᠤ ᠥᠬᠡᠶ᠂ ᠬᠡᠷ ᠲᠤᠨᠢ ᠬᠦᠷᠴᠦ ᠦᠢᠯᠡᠴᠢᠯᠡᠬᠦ︾ ᠰᠡᠷᠭᠡᠶᠢᠯᠡᠨ ᠡᠵᠡᠮᠳᠡᠬᠦ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠬᠠᠯᠳᠠᠪᠤᠷᠢᠯᠠᠯ ᠤᠨ ᠳᠠᠯᠳᠠ ᠬᠡᠮ ᠢ ᠦᠨᠡᠨᠬᠦ ᠠᠷᠢᠯᠭᠠᠬᠤ ᠬᠡᠷᠡᠭᠲᠡᠶ᠃ ︽ᠰᠢᠨ᠎ᠡ | ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾ ᠤᠨ ᠱᠠᠭᠠᠷᠳᠠᠯᠭ᠎ᠠ ᠶᠢ ᠴᠢᠩᠭ᠎ᠠ | ᠵᠢᠷᠤᠮᠯᠠᠨ᠂ ᠲᠠᠰ ᠪᠠᠭᠤᠷᠠᠭᠤᠯᠤᠨ ᠬᠤᠷᠢᠭ᠎ᠠ ᠲᠠᠶᠢᠯᠬᠤ ᠠᠵᠢᠯ ᠢ ᠢᠳᠡᠪᠬᠢᠲᠡᠶ ᠠᠬᠢᠭᠤᠯᠵᠤ᠂ ᠲᠠᠰ ᠪᠠᠭᠤᠷᠠᠭᠤᠯᠬᠤ ᠨᠥᠬᠦᠴᠡᠯ ᠳᠤ ᠨᠡᠶᠢᠴᠡᠬᠦ ᠳᠤᠮᠳᠠ ᠵᠡᠷᠭᠡ | ᠥᠨᠳᠥᠷ ᠵᠡᠷᠭᠡ ᠶᠢᠨ ᠲᠦᠭᠰᠢᠭᠦᠷᠢᠲᠡᠢ ᠣᠷᠣᠨ ᠪᠦᠰᠡ ᠳᠤ ᠲᠡᠰ ᠪᠠᠭᠤᠷᠠᠭᠤᠯᠪᠠᠰᠤ ᠵᠣᠬᠢᠬᠤ ᠶᠢ ᠨᠢ ᠴᠥᠮ ᠪᠠᠭᠤᠷᠠᠭᠤᠯᠵᠤ ᠲᠦᠷᠭᠡᠨ ᠪᠠᠭᠤᠷᠠᠭᠤᠯᠬᠤ ᠬᠡᠷᠡᠭᠲᠡᠶ᠃ | ᠥᠨᠳᠥᠷ ᠵᠡᠷᠭᠡ ᠶᠢᠨ ᠲᠦᠭᠰᠢᠭᠦᠷᠢᠲᠡᠢ ᠳᠡᠰ ᠲᠤ ᠣᠷᠣᠰᠢᠭᠰᠠᠭᠠᠷ ᠪᠠᠶᠢᠭ᠎ᠠ ᠬᠤᠷᠢᠶᠠᠯᠠᠯ ᠳᠤ ᠡᠷᠬᠡᠪᠰᠢ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ | ᠴᠢᠩᠭᠠᠳᠬᠠᠵᠤ᠂ ᠳᠠᠭᠠᠭᠠᠨ ᠬᠠᠷᠢᠯᠴᠠᠬᠤ ᠺᠠᠳ᠋ᠷ ᠪᠠ ᠨᠡᠶᠢᠭᠡᠮ ᠲᠣᠭᠤᠷᠢᠭ ᠤᠨ ᠠᠵᠢᠯᠲᠠᠨ ᠢ ᠰᠢᠯᠢᠳᠡᠭ ᠳᠣᠭᠢᠷᠠᠭᠤᠯᠤᠨ᠂ ᠠᠰᠠᠭᠤᠳᠠᠯ ᠢ ᠴᠠᠭ ᠲᠤᠬᠠᠶ ᠳᠤᠨᠢ | ᠢᠯᠡᠷᠡᠭᠦᠯᠵᠦ᠂ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠣᠯᠠᠨ ᠲᠦᠮᠡᠨ ᠤ ᠰᠡᠳᠬᠢᠴᠡ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠣᠯᠠᠨ | ᠲᠦᠮᠡᠨ ᠤ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠷᠢᠭᠤᠴᠠᠯᠭ᠎ᠠ ᠲᠠᠢ᠂ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠪᠠᠲᠤᠯᠠᠵᠤ᠂ ᠰᠡᠷᠭᠡᠶᠢᠯᠡᠨ ᠡᠵᠡᠮᠳᠡᠬᠦ | ᠠᠵᠢᠯ ᠡᠷᠴᠢᠮ ᠲᠠᠢ ᠮᠥᠷᠲᠡᠭᠡᠨ ᠬᠠᠯᠠᠭᠤᠨ ᠳᠤᠯᠠᠭᠠᠨ ᠲᠠᠢ ᠪᠠᠶᠢᠬᠤ ᠬᠡᠷᠡᠭᠲᠡᠶ᠃ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ | ᠤᠬᠠᠭᠤᠯᠭ᠎ᠠ ᠲᠠᠶᠢᠯᠤᠮᠵᠢ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠮᠢᠶ᠎ᠠ ᠪᠥᠬᠦᠶ ᠮᠡᠳᠡᠭᠡ | ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ | ᠬᠢᠯᠭᠡᠵᠦ᠂ ᠰᠡᠳᠬᠢᠯ ᠨᠢᠭᠡᠳᠦᠨ ᠬᠢᠵᠢᠭ ᠢ ᠡᠰᠡᠷᠭᠦᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠲᠡᠶᠢᠨ ᠤ ᠢᠯᠠᠯᠲᠠ ᠶᠢ ᠤᠯᠬᠤ ᠬᠡᠷᠡᠭᠲᠡᠶ ᠭᠡᠵᠡᠢ᠃ | ᠬᠤᠷᠠᠯ ᠢ ᠸᠢᠳᠢᠣ᠋ ᠮᠠᠶ᠋ᠢᠭ ᠢᠶᠠᠷ ᠬᠤᠷᠠᠯᠳᠤᠭᠤᠯᠵᠤ᠂ ᠬᠤᠳᠠ ᠶᠢᠨ ᠤᠳᠤᠷᠢᠳᠤᠯᠭ᠎ᠠ ᠾᠧ ᠬᠠᠢ ᠳ᠋ᠦᠩ᠂ ᠴᠠᠩ ᠫᠸᠢ ᠵᠦᠩ᠂ ᠯᠢ ᠵᠢᠶᠦ᠋ᠩ᠂ ᠼᠤᠤ ᠰᠧ | ᠶᠠᠩ ᠨᠠᠷ ᠬᠤᠷᠠᠯ ᠳᠤ ᠣᠷᠣᠯᠴᠠᠵᠠᠢ᠃ |