︽ᠭᠦᠭᠡᠬᠤᠲᠠ ᠶᠢᠨ ᠺᠣᠳ᠋︾ ᠲᠤ ᠳᠤᠭᠢᠶᠠᠨ ᠴᠣᠩᠬᠤ ᠦᠭᠭᠦ ᠬᠠᠮᠢᠶᠠᠷᠤᠯᠲᠠ ᠶᠠᠪᠤᠭᠳᠠᠭᠤᠯᠤᠨ᠎ᠠ
ᠨᠡᠶᠢᠲᠡᠯᠡᠭᠰᠡᠨ ᠴᠠᠭ᠄
2022/12/1
      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠶᠢᠨ ᠲᠥᠯᠥᠭᠡ 12 ᠰᠠᠷ᠎ᠠ ᠶᠢᠨ 2 ᠤᠨ 6 ᠴᠠᠭ ᠠᠴᠠ ᠡᠬᠢᠯᠡᠨ ᠭᠦᠭᠡᠬᠤᠲᠠ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠠ ᠳᠤ ᠣᠷᠣᠯᠴᠠᠬᠰᠠᠨ ᠦᠭᠡᠢ ᠬᠥᠮᠥᠰ ᠤᠨ ︽ᠭᠦᠭᠡᠬᠤᠲᠠ ᠶᠢᠨ ᠺᠣᠳ᠋︾ ᠲᠤ ᠳᠤᠭᠢᠶᠠᠨ ᠴᠣᠩᠬᠤ ᠦᠭᠭᠦ ᠬᠠᠮᠢᠶᠠᠷᠤᠯᠲᠠ ᠶᠠᠪᠤᠭᠳᠠᠭᠤᠯᠤᠨ᠎ᠠ᠃      1. ᠲᠣᠮᠣ ᠳ᠋ᠠᠶᠢᠲ᠋ᠠ ᠶᠢᠨ ᠬᠠᠷᠢᠴᠠᠭᠤᠯᠤᠯ ᠢᠶᠠᠷ ᠳᠡᠮᠵᠢᠨ᠂ 12 ᠰᠠᠷ᠎ᠠ ᠶᠢᠨ 2 ᠤᠨ ᠡᠳᠦᠷ ᠤᠨ 6 ᠴᠠᠭ ᠠᠴᠠ ᠡᠬᠢᠯᠡᠨ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠠ ᠳᠤ ᠣᠷᠣᠯᠴᠠᠬᠰᠠᠨ ᠦᠭᠡᠢ ᠬᠥᠮᠥᠰ ᠤᠨ ︽ᠭᠦᠭᠡᠬᠤᠲᠠ ᠶᠢᠨ ᠺᠣᠳ᠋︾ ᠲᠤ ᠳᠤᠭᠢᠶᠠᠨ ᠴᠣᠩᠬᠤ ᠦᠭᠭᠦ ᠬᠠᠮᠢᠶᠠᠷᠤᠯᠲᠠ ᠶᠠᠪᠤᠭᠳᠠᠭᠤᠯᠤᠨ᠎ᠠ᠃ ᠳᠤᠭᠢᠶᠠᠨ ᠴᠣᠩᠬᠤ ᠢᠯᠡᠷᠡᠭᠰᠡᠨ ᠬᠥᠮᠥᠰ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠤ ᠳᠠᠷᠠᠭ᠎ᠠ ᠳᠤᠭᠢᠶᠠᠨ ᠴᠣᠩᠬᠤ ᠠᠶᠠᠨᠳᠠᠭᠠᠨ ᠦᠭᠡᠢ ᠪᠣᠯᠣᠨ᠎ᠠ᠃ ︽ᠭᠦᠭᠡᠬᠤᠳᠠ ᠶᠢᠨ  ᠺᠣᠳ᠋︾ ᠤᠨ ᠳᠤᠭᠢᠶᠠᠨ ᠴᠣᠩᠬᠤ ᠶᠢᠨ ᠠᠰᠠᠭᠤᠨ ᠯᠠᠪᠯᠠᠬᠤ ᠦᠢᠯᠡᠴᠢᠯᠡᠭᠡᠨ ᠤ ᠤᠲᠠᠰᠤ ᠲᠣᠬᠢᠷᠠᠭᠤᠯᠵᠤ᠂ ᠴᠠᠭ ᠲᠤᠬᠠᠢ  ᠳᠤᠨᠢ ᠬᠠᠷᠢᠭᠤ ᠥᠭᠴᠦ᠂ ᠬᠤᠯᠪᠣᠭᠳᠠᠯ ᠪᠦᠬᠦᠢ ᠭᠤᠮᠣᠳᠠᠯ ᠱᠠᠭᠠᠷᠳᠠᠯᠭ᠎ᠠ ᠶᠢ ᠵᠦᠢ ᠵᠣᠬᠢᠰᠲᠠᠢ ᠰᠢᠢᠳᠪᠦᠷᠢᠯᠡᠨ᠎ᠡ᠃      2. ︽ᠭᠦᠭᠡᠬᠤᠳᠠ ᠶᠢᠨ ᠺᠣᠳ᠋︾ ᠲᠤᠨᠢ ᠳᠤᠭᠢᠶᠠᠨ ᠴᠣᠩᠬᠤ ᠢᠯᠡᠷᠡᠭᠰᠡᠨ ᠬᠥᠮᠥᠰ ᠰᠠᠭᠤᠵᠤ ᠪᠠᠶᠢᠭ᠎ᠠ ᠰᠠᠭᠤᠭᠠᠯᠢ ᠲᠣᠭᠤᠷᠢᠭ ᠲᠠᠭᠠᠨ ᠣᠷᠣᠵᠤ ᠪᠣᠯᠣᠨ᠎ᠠ᠂ ᠰᠠᠭᠤᠭᠠᠯᠢ ᠲᠣᠭᠤᠷᠢᠭ ᠤᠨ ᠬᠠᠮᠢᠶᠠᠷᠤᠯᠲᠠ ᠶᠢᠨ ᠠᠵᠢᠯᠲᠠᠨ ᠲᠡᠭᠦᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ ᠰᠠᠨᠠᠭᠤᠯᠬᠤ ᠬᠡᠷᠡᠭᠲᠡᠢ᠂ ᠭᠡᠬᠦ ᠳᠡᠭᠡᠨ ᠰᠠᠭᠤᠭᠠᠯᠢ ᠲᠣᠭᠤᠷᠢᠭ ᠲᠤ ᠣᠷᠣᠬᠤ ᠶᠢ ᠨᠢ ᠬᠠᠰᠢᠵᠤ ᠪᠤᠯᠬᠤ ᠦᠭᠡᠢ᠃ ᠳᠤᠭᠢᠶᠠᠨ ᠴᠣᠩᠬᠤ ᠲᠠᠢ ᠬᠥᠮᠥᠰ ᠬᠡᠷᠪᠡ ᠭᠠᠳᠠᠭᠰᠢ ᠭᠠᠷᠴᠤ ᠪᠥᠭᠡᠮ ᠬᠦᠴᠢᠯ ᠤᠨ ᠪᠠᠶᠢᠴᠠᠭᠠᠯᠲᠠ ᠨᠥᠬᠦᠵᠦ ᠬᠢᠬᠦ ᠭᠡᠪᠡᠯ ᠰᠠᠭᠤᠭᠠᠯᠢ ᠲᠣᠭᠤᠷᠢᠭ ᠤᠨ ᠬᠠᠮᠢᠶᠠᠷᠤᠯᠲᠠ ᠶᠢᠨ ᠠᠵᠢᠯᠲᠠᠨ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠢ᠃ ᠲᠣᠰ ᠰᠠᠭᠤᠭᠠᠯᠢ ᠲᠣᠭᠤᠷᠢᠭ ᠤᠨ ᠪᠤᠰᠤ ᠳᠤᠭᠢᠶᠠᠨ ᠴᠣᠩᠬᠤ ᠲᠠᠢ ᠬᠥᠮᠥᠰ ᠲᠣᠰ ᠰᠠᠭᠤᠭᠠᠯᠢ ᠲᠣᠭᠤᠷᠢᠭ ᠲᠤ ᠣᠷᠣᠵᠤ ᠪᠤᠯᠬᠤ ᠦᠭᠡᠢ᠃      3. ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ︽ᠭᠦᠭᠡᠬᠤᠲᠠ ᠶᠢᠨ ᠺᠣᠳ᠋︾ ᠤᠨ ᠳᠤᠭᠢᠶᠠᠨ ᠴᠣᠩᠬᠤ  ᠪᠠᠷ ᠰᠢᠯᠲᠠᠭ ᠪᠤᠯᠭᠠᠵᠤ ᠡᠪᠡᠳᠴᠢᠲᠡᠨ ᠢ ᠭᠥᠯᠢᠶᠡᠨ ᠠᠪᠬᠤ ᠦᠭᠡᠢ ᠪᠠᠶᠢᠵᠤ ᠪᠤᠯᠬᠤ ᠦᠭᠡᠢ᠂ ᠭᠡᠪᠡᠴᠦ ᠪᠥᠭᠡᠮ ᠬᠦᠴᠢᠯ ᠤᠨ ᠪᠠᠶᠢᠴᠠᠭᠠᠯᠲᠠ ᠶᠢ ᠨᠥᠬᠦᠵᠦ ᠬᠢᠬᠦ ᠠᠵᠢᠯ ᠢ ᠰᠠᠶᠢᠲᠤᠷ ᠬᠢᠬᠦ ᠬᠡᠷᠡᠭᠲᠡᠢ᠃      4. ᠪᠠᠶᠢᠭᠤᠯᠭ᠎ᠠ ᠨᠢᠭᠡᠴᠢ᠂ ᠵᠣᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ᠂  ︽ᠨᠢᠭᠡ ᠭᠡᠳᠦ ᠲᠤᠯᠤᠭᠠᠨ ᠳᠡᠯᠭᠡᠭᠦᠷ︾᠂ ᠵᠤᠭ᠎ᠠ ᠴᠡᠩᠭᠡᠯ ᠤᠨ ᠲᠠᠯᠠᠪᠤᠷ ᠵᠡᠷᠭᠡ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠲᠤ ︽ᠭᠦᠭᠡᠬᠤᠲᠠ  ᠶᠢᠨ ᠺᠣᠳ᠋︾ ᠲᠤᠨᠢ ᠳᠤᠭᠢᠶᠠᠨ ᠴᠣᠩᠬᠤ ᠢᠯᠡᠷᠡᠭᠰᠡᠨ ᠬᠥᠮᠥᠰ ᠢ ᠣᠷᠣᠭᠤᠯᠵᠤ ᠪᠤᠯᠬᠤ ᠦᠭᠡᠢ᠃      5. ︽ᠭᠦᠭᠡᠬᠤᠳᠠ ᠶᠢᠨ ᠺᠣᠳ᠋︾ ᠲᠤᠨᠢ ᠳᠤᠭᠢᠶᠠᠨ ᠴᠣᠩᠬᠤ ᠢᠯᠡᠷᠡᠭᠰᠡᠨ ᠬᠥᠮᠥᠰ ᠴᠠᠭ ᠲᠤᠬᠠᠢ ᠳᠤᠨᠢ ᠪᠥᠭᠡᠮ ᠬᠦᠴᠢᠯ ᠤᠨ ᠪᠠᠶᠢᠴᠠᠭᠠᠨᠯᠲᠡ ᠭᠢᠯᠭᠡᠵᠦ᠂ ᠭᠠᠳᠠᠭᠰᠢ ᠭᠠᠷᠬᠤ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ᠃      6. ᠬᠤᠲᠠ ᠶᠢᠨ ᠠᠷᠠᠳ ᠤᠨ ᠡᠪᠡᠳᠴᠢᠨ ᠦᠵᠡᠭᠦᠯᠭᠦ᠂ ᠭᠠᠳᠠᠭᠰᠢ ᠭᠠᠷᠬᠤ᠂ ᠳᠤᠭᠢᠶᠠᠨ ᠴᠣᠩᠬᠤ ᠶᠢ ᠦᠭᠡᠢ ᠪᠤᠯᠭᠠᠬᠤ ᠵᠡᠷᠭᠡ ᠪᠥᠭᠡᠮ ᠬᠦᠴᠢᠯ ᠤᠨ ᠪᠠᠶᠢᠴᠠᠭᠠᠨᠯᠳᠠ ᠶᠢᠨ ᠬᠡᠷᠡᠭᠴᠡᠭᠡ ᠶᠢ ᠬᠠᠩᠭᠠᠬᠤ ᠶᠢᠨ ᠲᠤᠰᠠᠳᠠ ᠡᠯ᠎ᠡ ᠬᠤᠰᠢᠭᠤ ᠰᠢᠶᠠᠨ ᠲᠣᠭᠤᠷᠢᠭ ᠨᠢ ᠠᠷᠠᠳ ᠲᠤ ᠲᠥᠭᠦᠮ ᠦᠵᠡᠭᠦᠯᠭᠦ ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ ᠢ ᠠᠯᠬᠤᠮ ᠠᠯᠬᠤᠮ ᠢᠶᠠᠷ ᠨᠡᠭᠡᠭᠡᠨ᠎ᠡ᠃ ᠠᠷᠠᠳ ᠲᠤ ᠲᠥᠭᠦᠮ ᠦᠵᠡᠭᠦᠯᠭᠦ ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ ᠲᠤ ᠵᠥᠪᠭᠡᠨ ᠭᠠᠭᠴᠠᠭᠠᠷᠴᠢᠯᠠᠬᠰᠠᠨ ᠪᠠᠶᠢᠴᠠᠭᠠᠯᠲᠠ ᠶᠢᠨ ᠦᠢᠯᠡᠴᠢᠯᠡᠭᠡ ᠬᠠᠩᠭᠠᠵᠤ᠂ ᠬᠤᠲᠠ ᠶᠢᠨ ᠠᠷᠠᠳ ᠪᠡᠶ᠎ᠡ ᠶᠢᠨ ᠦᠨᠡᠮᠯᠡᠯ ᠢᠶᠠᠨ ᠠᠪᠤᠭᠠᠳ ᠪᠠᠶᠢᠴᠠᠭᠠᠯᠲᠠ ᠶᠢᠨ ᠴᠡᠭ ᠲᠤ ᠪᠥᠭᠡᠮ ᠬᠦᠴᠢᠯ ᠤᠨ ᠪᠠᠶᠢᠴᠠᠭᠠᠯᠲᠠ ᠭᠢᠯᠭᠡᠵᠦ ᠪᠣᠯᠣᠨ᠎ᠠ᠃                            2022 ᠣᠨ ᠤ 11 ᠰᠠᠷ᠎ᠠ ᠶᠢᠨ 30           ︽ᠭᠦᠭᠡᠬᠤᠳᠠ ᠶᠢᠨ ᠺᠣᠳ᠋︾ ᠤᠨ ᠳᠤᠭᠢᠶᠠᠨ ᠴᠣᠩᠬᠤ ᠶᠢᠨ ᠲᠤᠬᠠᠢ ᠠᠰᠠᠭᠤᠨ ᠯᠠᠪᠯᠠᠬᠤ ᠦᠢᠯᠡᠴᠢᠯᠡᠭᠡᠨ ᠤ ᠤᠲᠠᠰᠤ      ᠡᠳᠦᠷ ᠤᠨ ᠡᠭᠡᠯᠵᠢ ᠶᠢᠨ ᠦᠢᠯᠡᠴᠢᠯᠡᠭᠡᠨ ᠤ ᠤᠲᠠᠰᠤᠨ ᠤ ᠦᠢᠯᠡᠴᠢᠯᠡᠬᠦ ᠴᠠᠭ      8:00-20:00      15248109071 15947133570 15560996396 18647376055 15598117770  17614745471 15247144455 15148037893 15548864808 15848140741 18547157844  13154812811 15754949280     18947124183          17614810526      ᠰᠥᠨᠢ ᠶᠢᠨ ᠡᠭᠡᠯᠵᠢ ᠶᠢᠨ ᠦᠢᠯᠡᠴᠢᠯᠡᠭᠡᠨ ᠤ ᠤᠲᠠᠰᠤᠨ ᠤ ᠦᠢᠯᠡᠴᠢᠯᠡᠬᠦ ᠴᠠᠭ      20:00-ᠳᠠᠷᠠᠭ᠎ᠠ ᠡᠳᠦᠷ ᠤᠨ 8:00      15771375947 18686023101 16647120768 18686077111     166471203682 
ᠢᠷᠡᠯᠲᠡ᠄ ᠳᠤᠮᠳᠠᠳᠤs  ᠶᠢᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ