ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠪᠦᠲᠦᠮᠵᠢᠲᠡᠢ ᠰᠠᠶᠢᠲᠤᠷ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2022/12/1
      - ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠵᠠᠩᠭᠢᠯᠠᠭ᠎ᠠ ᠶᠢᠨ ᠠᠰᠠᠭᠤᠳᠠᠯ ᠳᠤ ᠬᠠᠷᠢᠭᠤᠯᠲᠠ ᠥᠭᠪᠡ      ᠣᠳᠣᠬᠠᠨ ᠳᠤ ᠡᠯ᠎ᠡ ᠭᠠᠵᠠᠷ ᠤᠨ ᠬᠢᠨ ᠶᠠᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠵᠤ ᠰᠠᠶᠢᠲᠤᠷ ᠬᠢᠵᠦ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠡᠷᠬᠢᠨ ᠨᠡᠩ ᠣᠨᠣᠴᠠᠲᠠᠢ᠂ ᠨᠡᠩ ᠳᠣᠲᠣᠨᠣᠰᠢᠭᠤᠯᠬᠤ ᠬᠦᠴᠦᠨ ᠲᠠᠢ ᠪᠤᠯᠭᠠᠬᠤ ᠪᠤᠢ︖ ᠠᠷᠭ᠎ᠠ ᠴᠢᠨᠠᠷᠲᠠᠢ ᠬᠠᠯᠳᠠᠪᠤᠷᠢᠯᠠᠬᠳᠠᠬᠰᠠᠳ ᠢ ᠬᠡᠷᠬᠢᠨ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠨ ᠭᠥᠯᠢᠶᠡᠨ ᠠᠪᠴᠤ ᠵᠠᠰᠠᠬᠤ ᠪᠤᠶ︖ ᠣᠯᠠᠨ ᠲᠦᠮᠡᠨ ᠤ ᠲᠤᠰᠬᠠᠭᠰᠠᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠡᠷᠬᠢᠨ ᠪᠦᠲᠦᠮᠵᠢᠲᠡᠶ ᠰᠢᠢᠳᠪᠦᠷᠢᠯᠡᠬᠦ ᠪᠤᠶ︖ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 29 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠤᠯᠪᠣᠭᠳᠠᠯ ᠪᠦᠬᠦᠢ ᠵᠠᠩᠭᠢᠯᠠᠭ᠎ᠠ ᠶᠢᠨ ᠠᠰᠠᠭᠤᠳᠠᠯ ᠤᠨ ᠲᠤᠬᠠᠢ ᠨᠡᠶᠢᠭᠡᠮ ᠤᠨ ᠠᠩᠬᠠᠷᠤᠯ ᠳᠤ ᠬᠠᠷᠢᠭᠤ ᠥᠭᠴᠡᠢ᠃      ᠲᠦᠷᠭᠡᠨ ᠪᠢᠲᠡᠭᠦᠮᠵᠢᠯᠡᠵᠦ ᠲᠦᠷᠭᠡᠨ ᠨᠡᠭᠡᠭᠡᠵᠦ᠂ ᠨᠡᠭᠡᠭᠡᠬᠦ ᠶᠣᠰᠣᠲᠠᠢ ᠶᠢ ᠨᠢ ᠪᠦᠭᠦᠨ ᠢ ᠨᠡᠭᠡᠭᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠡᠩ ᠣᠨᠣᠴᠠᠲᠠᠢ᠂ ᠨᠡᠩ ᠳᠣᠲᠣᠨᠣᠰᠢᠭᠤᠯᠬᠤ ᠬᠦᠴᠦᠨ ᠲᠠᠢ  ᠪᠤᠯᠭᠠᠬᠤ ᠬᠡᠷᠡᠭᠲᠡᠢ      ︽ᠪᠢᠲᠡᠭᠦᠮᠵᠢᠯᠡᠨ ᠡᠵᠡᠮᠳᠡᠬᠦ ᠬᠠᠮᠢᠶᠠᠷᠤᠯᠲᠠ ᠳᠤ ᠲᠦᠷᠭᠡᠨ ᠪᠢᠲᠡᠭᠦᠮᠵᠢᠯᠡᠵᠦ ᠲᠦᠷᠭᠡᠨ ᠨᠡᠭᠡᠭᠡᠵᠦ᠂ ᠨᠡᠭᠡᠭᠡᠬᠦ ᠴᠢᠬᠤᠯᠠᠲᠠᠢ ᠶᠢ ᠨᠢ ᠪᠦᠭᠦᠨ ᠢ ᠨᠡᠭᠡᠭᠡᠵᠦ᠂ ᠬᠢᠵᠢᠭ ᠤᠨ ᠪᠠᠶᠢᠳᠠᠯ ᠠᠴᠠ ᠪᠣᠯᠵᠤ ᠤᠯᠠᠨ ᠲᠦᠮᠡᠨ ᠳᠤ ᠶᠠᠷᠰᠢᠭ ᠤᠴᠠᠷᠠᠭᠤᠯᠬᠤ ᠶᠢ ᠪᠠᠭᠠᠰᠬᠠᠬᠤ ᠬᠡᠷᠡᠭᠲᠡᠢ︾ ᠭᠡᠵᠦ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡᠨ ᠤ ᠥᠭᠦᠯᠡᠭᠴᠢ ᠮᠢ ᠹᠧᠩ ᠬᠡᠯᠡᠪᠡ᠃      ︽ᠣᠷᠳᠣ ᠬᠤᠭᠤᠴᠠᠭ᠎ᠠ ᠪᠠᠷ ᠪᠢᠲᠡᠭᠦᠮᠵᠢᠯᠡᠨ ᠡᠵᠡᠮᠳᠡᠬᠦ ᠨᠢ ᠠᠷᠠᠳ ᠣᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠲᠤᠶᠢᠯ ᠤᠨ ᠶᠡᠭᠡ ᠪᠠᠷ ᠨᠥᠯᠥᠭᠡᠯᠡᠬᠦ ᠪᠠᠷ ᠪᠠᠷᠠᠬᠤ ᠦᠭᠡᠢ᠂ ᠪᠠᠰᠠ ᠠᠮᠠᠷᠬᠠᠨ ᠪᠤᠬᠢᠨᠢᠳᠤᠨ ᠵᠣᠪᠠᠨᠢᠬᠤ ᠰᠡᠳᠬᠢᠯᠭᠡ ᠶᠢ ᠪᠤᠶ ᠪᠤᠯᠭᠠᠵᠤ᠂ ᠠᠮᠢᠳᠤᠷᠠᠯ ᠤᠨ ᠬᠦᠴᠢᠷᠳᠡᠯ ᠢ ᠪᠤᠶ ᠪᠣᠯᠭᠠᠳᠠᠭ᠂ ᠡᠶᠢᠮᠦᠷᠬᠦᠦ ᠪᠠᠶᠢᠳᠠᠯ ᠢ ᠡᠷᠬᠡᠪᠰᠢ ᠵᠠᠯᠠᠷᠠᠭᠤᠯᠬᠤ ᠪᠠ ᠡᠭᠦᠨ ᠠᠴᠠ ᠵᠠᠶᠢᠯᠠᠰᠬᠢᠬᠦ ᠬᠡᠷᠡᠭᠲᠡᠢ︾ ᠭᠡᠵᠦ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠬᠢᠨᠠᠯᠲᠠ ᠲᠠᠯᠪᠢᠬᠤ ᠨᠢᠭᠡᠳᠦᠭᠡᠷ ᠵᠤᠷᠭᠠᠨ ᠤ ᠳᠠᠷᠤᠭ᠎ᠠ ᠴᠧᠩ ᠶᠢᠦ ᠴᠢᠤᠸᠠᠨ ᠬᠡᠯᠡᠪᠡ᠃      ᠴᠧᠩ ᠶᠢᠤ ᠴᠢᠤᠸᠠᠨ᠂ ᠵᠠᠷᠴᠢᠮ ᠳᠡᠭᠡᠷ᠎ᠡ ᠪᠠᠨ᠂ ᠥᠨᠳᠥᠷ ᠲᠦᠭᠰᠢᠭᠦᠷᠢᠳᠤ ᠣᠷᠣᠨ ᠢ ᠡᠩ ᠤᠨ ᠪᠠᠶᠢᠳᠠᠯ ᠳᠤ ᠠᠰᠠᠷ ᠤᠨ ᠤᠷᠤᠴᠠ᠂ ᠠᠰᠠᠷ ᠢᠶᠠᠷ ᠨᠢᠭᠡᠴᠢ ᠪᠣᠯᠭᠠᠨ ᠵᠠᠭᠠᠭᠯᠠᠨ ᠲᠣᠭᠲᠠᠭᠠᠨ᠎ᠠ᠂ ᠳᠤᠷ᠎ᠠ ᠪᠠᠷ ᠢᠶᠠᠨ ᠥᠷᠭᠡᠳᠬᠡᠵᠦ ᠪᠤᠯᠬᠤ ᠦᠭᠡᠢ᠃ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠠᠶᠤᠯ ᠲᠦᠭᠰᠢᠭᠦᠷᠢ ᠲᠣᠳᠣᠷᠬᠠᠢ ᠦᠭᠡᠢ ᠪᠤᠶᠤ ᠨᠡᠶᠢᠭᠡᠮ ᠲᠣᠭᠤᠷᠢᠭ ᠲᠤ ᠥᠷᠭᠡᠨ ᠢᠶᠠᠷ ᠳᠠᠷᠬᠠᠨ ᠳᠡᠯᠭᠡᠷᠡᠵᠦ ᠪᠠᠶᠢᠭ᠎ᠠ ᠪᠠᠶᠢᠳᠠᠯ ᠳᠣᠣᠷ᠎ᠠ᠂ ᠥᠨᠳᠥᠷ ᠲᠦᠭᠰᠢᠭᠦᠷᠢᠳᠤ ᠣᠷᠣᠨ ᠪᠦᠰᠡ ᠶᠢ ᠵᠠᠭᠠᠭᠯᠠᠨ ᠲᠣᠭᠲᠠᠭᠠᠬᠤ ᠬᠡᠪᠴᠢᠶ᠎ᠡ ᠶᠢ ᠵᠣᠬᠢᠰᠲᠠᠢ ᠥᠷᠭᠡᠳᠬᠡᠵᠦ ᠪᠣᠯᠣᠨ᠎ᠠ᠂ ᠭᠡᠪᠡᠴᠦ ᠴᠠᠭ ᠲᠤᠬᠠᠢ ᠳᠤᠨᠢ ᠪᠥᠭᠡᠮ ᠬᠦᠴᠢᠯ ᠤᠨ  ᠪᠠᠶᠢᠴᠠᠭᠠᠯᠲᠠ ᠪᠠ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠᠷ ᠳᠠᠮᠵᠢᠵᠤ᠂ ᠲᠦᠷᠭᠡᠨ ᠪᠢᠲᠡᠭᠦᠮᠵᠢᠯᠡᠵᠦ ᠲᠦᠷᠭᠡᠨ ᠨᠡᠭᠡᠭᠡᠬᠦ ᠬᠡᠷᠡᠭᠲᠡᠢ ᠭᠡᠵᠦ ᠢᠯᠡᠳᠬᠡᠪᠡ᠃      ᠡᠭᠦᠨ ᠤ ᠬᠠᠮᠲᠤ᠂ ᠲᠦᠭᠰᠢᠭᠦᠷᠢᠳᠤ ᠬᠥᠮᠥᠰ ᠢ ᠮᠠᠭᠠᠳᠯᠠᠨ ᠲᠣᠭᠲᠠᠭᠠᠬᠤ ᠳᠠᠭᠠᠨ ᠲᠤᠬᠠᠢ ᠶᠢᠨ ᠲᠠᠯᠠᠪᠤᠷ ᠲᠤ ᠲᠠᠬᠤᠯ ᠡᠪᠡᠳᠴᠢᠨ ᠤ ᠪᠠᠶᠢᠴᠠᠭᠠᠯᠲᠠ ᠪᠠᠷ ᠦᠨᠳᠦᠰᠦᠯᠡᠯ ᠪᠣᠯᠭᠠᠨ᠎ᠠ᠂ ᠴᠠᠭ ᠬᠤᠭᠤᠴᠠᠭ᠎ᠠ ᠪᠠ ᠣᠷᠣᠨ ᠵᠠᠢ ᠪᠠᠷ ᠬᠡᠪᠴᠢᠶ᠎ᠡ ᠶᠢ ᠥᠷᠭᠡᠳᠬᠡᠵᠦ᠂ ᠶᠡᠭᠡ ᠬᠡᠪᠴᠢᠶ᠎ᠡ ᠪᠠᠷ ︽ᠠᠳᠡᠭᠦᠦ ᠰᠢᠷᠬᠠᠲᠤᠭᠤᠯᠵᠤ︾ ᠪᠤᠯᠬᠤ ᠦᠭᠡᠢ᠃ ᠥᠨᠳᠥᠷ ᠲᠦᠭᠰᠢᠭᠦᠷᠢᠳᠤ ᠣᠷᠣᠨ ᠢ ᠴᠢᠩᠭ᠎ᠠ ᠬᠠᠮᠢᠶᠠᠷᠤᠨ ᠡᠵᠡᠮᠳᠡᠵᠦ᠂ ︽ᠭᠡᠷ ᠠᠴᠠ ᠪᠠᠨ ᠭᠠᠷᠬᠤ ᠦᠭᠡᠢ︾ ᠪᠠᠶᠢᠯᠭᠠᠬᠤ ᠮᠥᠷᠲᠡᠭᠡᠨ ᠪᠠᠰᠠ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠲᠦᠮᠡᠨ ᠤ ᠦᠨᠳᠦᠰᠦᠨ ᠠᠮᠢᠳᠤᠷᠠᠯ ᠪᠠ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃      ᠴᠧᠩ ᠶᠢᠤ ᠴᠢᠤᠸᠠᠨ᠄ ︽ᠪᠢᠳᠡ ᠣᠯᠠᠨ ᠲᠦᠮᠡᠨ ᠤ ᠲᠤᠰᠬᠠᠭᠰᠠᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠶ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠨᠠᠩ ᠣᠨᠣᠴᠠᠲᠠᠢ᠂ ᠨᠠᠩ ᠳᠣᠲᠣᠨᠣᠰᠢᠭᠤᠯᠬᠤ ᠬᠦᠴᠦᠨ ᠲᠠᠢ ᠪᠣᠯᠭᠠᠨ᠎ᠠ︾ ᠭᠡᠵᠡᠢ᠃      ᠵᠠᠷᠢᠮ ᠭᠠᠵᠠᠷ ᠤᠨ ᠬᠢᠨ ᠬᠠᠮᠢᠶᠠᠷᠤᠨ ᠡᠵᠡᠮᠳᠡᠬᠦ ᠣᠷᠣᠨ ᠪᠦᠰᠡ ᠪᠠ ᠬᠤᠯᠪᠣᠭᠳᠠᠯ ᠪᠦᠬᠦᠢ ᠬᠥᠮᠥᠰ ᠤᠨ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ᠂ ︽ᠪᠢᠲᠡᠭᠦᠮᠵᠢᠯᠡᠭᠡᠳ ᠬᠠᠶᠠᠨ ᠳᠤᠨᠢ ᠬᠠᠶᠠᠬᠤ︾᠂ ᠪᠢᠲᠡᠭᠦᠮᠵᠢᠯᠡᠨ ᠡᠵᠡᠮᠳᠡᠭᠰᠡᠨ ᠤ ᠳᠠᠷᠠᠭ᠎ᠠ ᠣᠷᠳᠣ ᠬᠤᠭᠤᠴᠠᠭ᠎ᠠ ᠪᠠᠷ ᠨᠡᠭᠡᠭᠡᠬᠦ ᠦᠭᠡᠢ ᠪᠠᠶᠢᠬᠤ ᠵᠡᠷᠭᠡ ᠦᠵᠡᠭᠳᠡᠯ ᠳᠤ ᠴᠢᠭᠯᠡᠭᠦᠯᠦᠨ᠂ ᠴᠧᠩ ᠶᠢᠤ ᠴᠢᠤᠸᠠᠨ᠂ ᠡᠯ᠎ᠡ ᠭᠠᠵᠠᠷ ᠤᠨ ᠬᠢᠨ ᠨᠢᠭᠡᠨᠲᠡ ︽ᠱᠠᠲᠤ ᠱᠠᠲᠤ ᠪᠠᠷ ᠡᠭᠦᠷᠭᠡ ᠱᠠᠭᠠᠷᠳᠠᠯᠭ᠎ᠠ ᠨᠡᠮᠡᠭᠦ︾ ᠶᠢ ᠴᠡᠭᠴᠡᠯᠡᠨ ᠵᠠᠰᠠᠬᠤ ᠠᠵᠢᠯ ᠤᠨ ᠲᠤᠰᠬᠠᠢ ᠠᠩᠭᠢ ᠪᠠᠶᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠡᠳᠦᠷ ᠪᠦᠷᠢ ᠲᠣᠬᠢᠷᠠᠭᠤᠯᠤᠯᠲᠠ ᠬᠢᠵᠦ᠂ ᠡᠯ᠎ᠡ ᠭᠠᠵᠠᠷ ᠤᠨ ᠰᠦᠯᠵᠢᠶᠡᠨ ᠤ ᠢᠷᠭᠡᠨ᠂ ᠠᠷᠠᠳ ᠣᠯᠠᠨ ᠤ ᠲᠤᠰᠬᠠᠭᠰᠠᠨ ᠡᠯ᠎ᠡ ᠵᠦᠢᠯ ᠤᠨ ᠠᠰᠠᠭᠤᠳᠠᠯ ᠳᠤ ᠢᠳᠡᠪᠬᠢᠲᠡᠢ ᠪᠥᠭᠡᠳ ᠪᠦᠲᠦᠮᠵᠢᠲᠡᠶ ᠬᠠᠷᠢᠭᠤᠯᠲᠠ ᠥᠭᠴᠦ ᠪᠠᠶᠢᠬᠤ ᠪᠥᠭᠡᠳ ᠬᠤᠯᠪᠣᠭᠳᠠᠯ ᠪᠦᠬᠦᠢ ᠭᠠᠵᠠᠷ ᠣᠷᠣᠨ ᠳᠤ ᠰᠢᠯᠵᠢᠭᠦᠯᠦᠨ ᠥᠭᠴᠦ ᠰᠢᠢᠳᠪᠦᠷᠢᠯᠡᠭᠦᠯᠵᠦ ᠪᠠᠶᠢᠨ᠎ᠠ ᠭᠡᠵᠦ ᠢᠯᠡᠳᠬᠡᠵᠡᠢ᠃      ᠠᠷᠭ᠎ᠠ ᠴᠢᠨᠠᠷᠲᠠᠢ ᠬᠠᠯᠳᠠᠪᠤᠷᠢᠯᠠᠬᠳᠠᠬᠰᠠᠳ ᠢ ᠰᠢᠨᠵᠢᠯᠡᠬᠦ ᠤᠬᠠᠭᠠᠨᠴᠢ ᠪᠠᠷ ᠲᠦᠷᠦᠯ ᠬᠤᠪᠢᠶᠠᠨ ᠭᠥᠯᠢᠶᠡᠨ ᠠᠪᠴᠤ ᠡᠮᠨᠡᠨ ᠵᠠᠰᠠᠵᠤ ᠬᠦᠨᠳᠦ ᠡᠪᠡᠳᠴᠢᠲᠡᠨ ᠢ ᠠᠪᠤᠷᠠᠨ ᠵᠠᠰᠠᠬᠤ ᠴᠢᠳᠠᠪᠤᠷᠢ ᠶᠢ ᠤᠯᠠᠮ  ᠳᠡᠭᠡᠭᠰᠢᠯᠡᠭᠦᠯᠦᠨ᠎ᠠ      ︽ᠠᠷᠭ᠎ᠠ ᠴᠢᠨᠠᠷᠲᠠᠢ ᠬᠠᠯᠳᠠᠪᠤᠷᠢᠯᠠᠬᠳᠠᠬᠰᠠᠳ ᠢ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠨ ᠭᠥᠯᠢᠶᠡᠨ ᠠᠪᠴᠤ ᠡᠮᠨᠡᠨ ᠵᠠᠰᠠᠵᠤ᠂ ᠬᠡᠦᠬᠡᠳ᠂ ᠨᠠᠰᠤᠲᠠᠶᠢᠴᠤᠳ ᠪᠣᠯᠣᠨ ᠰᠠᠭᠤᠷᠢ ᠡᠪᠡᠳᠴᠢᠨ ᠲᠠᠢ ᠡᠪᠡᠳᠴᠢᠲᠡᠨ ᠢ ᠭᠥᠯᠢᠶᠡᠨ ᠠᠪᠴᠤ ᠡᠮᠨᠡᠨ ᠵᠠᠰᠠᠬᠤ ᠪᠠ ᠬᠠᠷᠠᠭᠠᠯᠵᠠᠨ ᠠᠰᠠᠷᠠᠬᠤ ᠠᠵᠢᠯ ᠢ ᠲᠣᠬᠢᠲᠠᠢ ᠰᠠᠶᠢᠲᠤᠷ ᠬᠢᠵᠦ᠂ ᠡᠪᠡᠳᠴᠢᠲᠡᠨ ᠤ ᠡᠷᠲᠡᠬᠡᠨ ᠡᠳᠡᠭᠡᠷᠡᠬᠦ ᠶᠢ ᠠᠬᠢᠭᠤᠯᠤᠨ᠎ᠠ︾ ᠭᠡᠵᠦ ᠮᠢ ᠹᠧᠩ ᠬᠡᠯᠡᠪᠡ᠃      ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠮᠠᠨ ᠤ ᠤᠯᠤᠰ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ᠂ ᠴᠢᠩᠭᠡᠯᠢᠭ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ᠂ ᠬᠠᠯᠠᠭᠤᠷᠠᠯ ᠤᠨ ᠡᠭᠦᠳᠡᠨ ᠡᠮᠨᠡᠯᠭᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠲᠤᠰᠠᠭᠠᠷᠯᠠᠵᠤ᠂ ᠡᠷᠲᠡ ᠡᠮᠨᠡᠨ ᠵᠠᠰᠠᠬᠤ ᠪᠠᠷ ᠴᠢᠷᠮᠠᠶᠢᠭᠰᠠᠭᠠᠷ ᠢᠷᠡᠵᠠᠢ᠃      ︽ᠲᠠᠷᠠᠭᠠᠴᠢ ᠶᠢᠨ ᠠᠯᠬᠤᠮ ᠳᠤ᠂ ᠪᠢᠳᠡ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠴᠢᠩᠭᠠᠳᠬᠠᠵᠤ᠂ ᠢᠯᠠᠩᠭᠤᠶ᠎ᠠ ᠶᠡᠷᠦᠩᠬᠡᠶᠢᠯᠡᠨ ᠠᠪᠤᠷᠠᠨ ᠵᠠᠰᠠᠬᠤ ᠴᠢᠳᠠᠪᠤᠷᠢ ᠪᠣᠯᠣᠨ ᠣᠯᠠᠨ ᠰᠢᠨᠵᠢᠯᠡᠭᠡᠨ ᠤ ᠰᠠᠯᠠᠭ᠎ᠠ ᠶᠢᠨ ᠣᠨᠣᠰᠢᠯᠠᠨ ᠡᠮᠨᠡᠭᠦ ᠲᠦᠪᠰᠢᠨ ᠢ ᠳᠡᠭᠡᠭᠰᠢᠯᠡᠭᠦᠯᠵᠦ᠂ ᠬᠦᠨᠳᠦ ᠡᠪᠡᠳᠴᠢᠲᠡᠨ ᠢ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ︾ ᠭᠡᠵᠦ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠵᠤᠷᠭᠠᠨ ᠤ ᠳᠠᠷᠤᠭ᠎ᠠ ᠭᠦᠸᠧ ᠶᠠᠨ ᠬᠤᠩ ᠬᠡᠯᠡᠪᠡ᠃      ᠭᠦᠸᠧ ᠶᠠᠨ ᠬᠤᠩ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠮᠴᠢᠯᠡᠭᠡᠨ ᠤ ᠠᠪᠤᠷᠠᠨ ᠵᠠᠰᠠᠬᠤ ᠦᠢᠯᠡᠳᠦᠯᠭᠡ ᠠᠴᠠ ᠦᠵᠡᠪᠡᠯ᠂ ᠬᠦᠨᠳᠦ ᠡᠪᠡᠳᠴᠢᠨ ᠤ ᠬᠠᠨᠳᠤᠰᠢ ᠲᠠᠢ ᠬᠥᠮᠥᠰ ᠲᠤ ᠭᠤᠣᠯᠳᠠᠭᠤ ᠨᠠᠰᠤᠲᠠᠶᠢᠴᠤᠳ᠂ ᠰᠠᠭᠤᠷᠢ  ᠡᠪᠡᠳᠴᠢᠨ ᠲᠠᠢ ᠬᠥᠮᠥᠰ ᠪᠠ ᠸᠠᠺᠼᠢᠨ ᠳᠠᠷᠢᠭᠤᠯᠤᠬᠰᠠᠨ ᠦᠭᠡᠢ ᠬᠥᠮᠥᠰ ᠪᠠᠭᠲᠠᠨ᠎ᠠ ᠭᠡᠵᠦ ᠲᠠᠨᠢᠯᠴᠠᠭᠤᠯᠵᠠᠢ᠃      ︽ᠡᠭᠦᠨ ᠳᠤ᠂ ᠥᠨᠳᠥᠷ ᠨᠠᠰᠤᠲᠠᠢ ᠬᠥᠮᠥᠰ ᠪᠠ ᠬᠠᠪᠤᠳᠠᠷᠲᠤ ᠡᠪᠡᠳᠴᠢᠲᠡᠨ᠂ ᠢᠯᠠᠩᠭᠤᠶ᠎ᠠ ᠬᠠᠪᠤᠳᠠᠷᠲᠤ ᠡᠪᠡᠳᠴᠢᠨ ᠢ ᠡᠮᠨᠡᠨ ᠵᠠᠰᠠᠬᠤ ᠬᠤᠭᠤᠴᠠᠭᠠᠨ ᠳᠤ ᠪᠠᠶᠢᠭ᠎ᠠ ᠡᠪᠡᠳᠴᠢᠲᠡᠨ ᠪᠣᠯ ᠠᠮᠠᠷᠬᠠᠨ ᠬᠦᠨᠳᠦ ᠡᠪᠡᠳᠴᠢᠨ ᠤ ᠪᠠᠶᠢᠳᠠᠯ ᠳᠤ ᠣᠷᠣᠬᠤ ᠠᠶᠤᠯᠲᠠᠢ ᠬᠥᠮᠥᠰ ᠪᠣᠯᠣᠨ᠎ᠠ᠂ ᠡᠮᠨᠡᠨ ᠵᠠᠰᠠᠬᠤ ᠶᠠᠪᠤᠴᠠ ᠳᠤ ᠣᠨᠴᠠᠭᠠᠶᠢᠯᠠᠨ ᠠᠩᠬᠠᠷᠬᠤ ᠬᠡᠷᠡᠭᠲᠡᠢ︾᠃ ᠭᠦᠸᠧ ᠶᠠᠨ ᠬᠤᠩ ᠤᠨ ᠭᠡᠯᠡᠭᠦ ᠪᠠᠷ᠂ ᠡᠶᠢᠮᠦ ᠬᠠᠯᠳᠠᠪᠤᠷᠢᠯᠠᠬᠳᠠᠬᠰᠠᠳ ᠢ ᠡᠷᠬᠡᠪᠰᠢ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠨ ᠭᠥᠯᠢᠶᠡᠨ ᠠᠪᠴᠤ ᠡᠮᠨᠡᠨ ᠵᠠᠰᠠᠵᠤ᠂ ᠡᠮᠨᠡᠨ ᠠᠪᠤᠷᠠᠬᠤ ᠲᠣᠬᠢᠷᠠᠭᠤᠯᠤᠯᠲᠠ ᠶᠢ ᠲᠣᠬᠢᠲᠠᠢ ᠰᠠᠶᠢᠲᠤᠷ ᠬᠢᠵᠦ᠂ ᠰᠠᠭᠤᠷᠢ ᠡᠪᠡᠳᠴᠢᠨ ᠢ ᠢᠳᠡᠪᠬᠢᠲᠡᠢ ᠡᠮᠨᠡᠨ ᠵᠠᠰᠠᠵᠤ᠂ ᠡᠪᠡᠳᠴᠢᠲᠡᠨ ᠤ ᠡᠷᠡᠭᠦᠯ ᠮᠡᠨᠳᠦ ᠪᠠ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃      ᠪᠥᠭᠡᠮ ᠬᠦᠴᠢᠯ ᠤᠨ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ ᠪᠥᠭᠡᠮ ᠬᠦᠴᠢᠯ ᠤᠨ ᠦᠯᠢᠭᠡᠷ ᠠᠪᠬᠤ ᠶᠠᠰᠤ ᠴᠢᠨᠠᠷ ᠢ ᠦᠨᠡᠨ ᠬᠦ ᠪᠠᠲᠤᠯᠠᠨ᠎ᠠ      ᠡᠨᠡ ᠵᠢᠯ ᠠᠴᠠ ᠨᠠᠭᠠᠰᠢ᠂ ᠪᠡᠭᠡᠵᠢᠩ᠂ ᠠᠨᠾᠦ᠋ᠢ ᠶᠢᠨ ᠾᠧᠹᠧᠢ᠂ ᠾᠧᠪᠧᠢ ᠶᠢᠨ ᠱᠢ ᠵᠢᠶᠠ ᠵᠤᠸᠠᠩ᠂ ᠾᠧᠨᠠᠨ ᠤ ᠰᠢᠦᠢ ᠴᠠᠩ ᠵᠡᠷᠭᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢᠭᠡᠨᠲᠡ ᠬᠢᠨᠠᠯᠲᠠ ᠬᠠᠮᠢᠶᠠᠷᠤᠯᠲᠠ ᠶᠢᠨ ᠳᠤᠮᠳᠠ ᠢᠯᠡᠷᠡᠭᠦᠯᠦᠭᠰᠡᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ ᠰᠢᠢᠳᠬᠡᠯ ᠥᠭᠴᠦ᠂ ᠵᠠᠷᠢᠮ ᠬᠠᠤᠯᠢ ᠠᠴᠠ ᠵᠥᠷᠢᠴᠡᠭᠰᠡᠨ ᠪᠠᠶᠢᠭᠤᠯᠤᠮᠵᠢ ᠪᠠ ᠬᠤᠪᠢ ᠬᠥᠮᠥᠨ ᠠᠴᠠ ᠪᠠᠰᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠪᠡ᠃      ︽ᠪᠢᠳᠡ ᠶᠡᠷᠦ ᠠᠴᠠ ᠪᠠᠶᠢᠴᠠᠭᠠᠯᠲᠠ ᠬᠢᠬᠦ ᠬᠢᠷᠢ ᠭᠡᠮ ᠤᠨ ᠵᠥᠪᠰᠢᠶᠡᠷᠡᠯ ᠪᠠ ᠶᠠᠰᠤ ᠴᠢᠨᠠᠷ ᠤᠨ ᠡᠵᠡᠮᠳᠡᠯ ᠢ ᠴᠢᠩᠭ᠎ᠠ ᠬᠡᠷᠡᠭᠵᠢᠭᠦᠯᠦᠭᠰᠡᠭᠡᠷ ᠢᠷᠡᠭᠰᠡᠨ ᠪᠥᠭᠡᠳ ᠪᠠᠶᠢᠴᠠᠭᠠᠯᠲᠠ ᠬᠢᠬᠦ ᠪᠠᠶᠢᠭᠤᠯᠤᠮᠵᠢ᠂ ᠭᠤᠷᠪᠠᠳᠠᠭᠢ ᠡᠲᠡᠭᠡᠳ ᠤᠨ ᠪᠠᠶᠢᠴᠠᠭᠠᠯᠲᠠ ᠬᠢᠬᠦ ᠪᠠᠶᠢᠭᠤᠯᠤᠮᠵᠢ ᠶᠢ ᠪᠠᠭᠲᠠᠭᠠᠭᠰᠠᠨ ᠪᠠᠶᠢᠴᠠᠭᠠᠯᠲᠠ ᠬᠢᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠪᠠ︾᠃ ᠭᠦᠸᠧ ᠶᠠᠨ ᠬᠤᠩ ᠤᠨ ᠭᠡᠯᠡᠭᠦ ᠪᠠᠷ᠂ ᠲᠠᠷᠠᠭᠠᠴᠢ ᠶᠢᠨ ᠠᠯᠬᠤᠮ ᠳᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠳᠠᠯ ᠬᠠᠭᠤᠷᠮᠠᠭ ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠭᠰᠠᠨ ᠬᠦᠨᠳᠦ ᠨᠣᠴᠢᠲᠠᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠡᠷᠡᠰ ᠴᠢᠩᠭ᠎ᠠ ᠰᠢᠢᠳᠪᠦᠷᠢᠯᠡᠨ᠎ᠡ ᠭᠡᠪᠡ᠃      ᠨᠢᠭᠡ ᠪᠦᠯᠦᠭ ᠬᠥᠮᠥᠰ᠂  ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠶ᠎ᠡ ᠳᠤ ᠠᠮᠠᠷᠬᠠᠨ ᠬᠠᠯᠳᠠᠪᠤᠷᠢᠯᠠᠭᠳᠠᠨ᠎ᠠ ᠭᠡᠵᠦ ᠰᠠᠨᠠᠭᠠᠰᠢᠷᠠᠵᠤ ᠪᠠᠶᠢᠨ᠎ᠠ᠃ ᠡᠭᠦᠨ ᠤ ᠲᠤᠬᠠᠢ ᠭᠦᠸᠧ ᠶᠠᠨ ᠬᠤᠩ᠂ ᠪᠥᠭᠡᠮ ᠬᠦᠴᠢᠯ ᠤᠨ ᠥᠯᠢᠭᠡᠷ ᠠᠪᠬᠤ ᠠᠵᠢᠯ ᠢ ᠵᠣᠬᠢᠶᠠᠨ ᠪᠠᠶᠢᠭᠤᠯᠵᠤ ᠬᠠᠮᠢᠶᠠᠷᠬᠤ ᠪᠠ ᠵᠢᠷᠤᠮᠵᠢᠭᠤᠯᠬᠤ ᠨᠢ ᠲᠤᠶᠢᠯ ᠤᠨ ᠴᠢᠬᠤᠯᠠ ᠶᠤᠮ᠂ ᠥᠯᠢᠭᠡᠷ ᠠᠪᠬᠤ ᠲᠤᠬᠠᠢ ᠶᠢᠨ ᠲᠠᠯᠠᠪᠤᠷ ᠲᠤ ᠲᠣᠳᠣᠷᠬᠠᠢ ᠲᠡᠮᠳᠡᠭ ᠲᠠᠯᠪᠢᠵᠤ᠂ ᠥᠯᠢᠭᠡᠷ ᠠᠪᠬᠤ ᠵᠠᠮ ᠱᠤᠭᠤᠮ ᠢ ᠰᠠᠶᠢᠲᠤᠷ ᠲᠥᠯᠥᠪᠵᠢᠭᠦᠯᠦᠨ᠂ ᠥᠯᠢᠭᠡᠷ ᠠᠪᠬᠤ ᠡᠮᠬᠢ ᠳᠢᠭᠯᠢᠮ ᠤᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠬᠤᠪᠢ ᠬᠥᠮᠥᠨ ᠠᠮᠠᠪᠴᠢ ᠪᠠᠨ ᠵᠢᠷᠤᠮᠵᠢᠭᠤᠨ ᠵᠡᠭᠦᠵᠦ᠂ ᠴᠤᠭᠯᠠᠷᠠᠬᠤ ᠦᠭᠡᠢ ᠪᠠᠶᠢᠵᠤ᠂ ᠥᠯᠢᠭᠡᠷ ᠠᠪᠬᠤ ᠲᠠᠶᠢᠰᠠᠨ ᠳᠡᠭᠡᠷᠡᠬᠢ ᠶᠠᠮᠠᠷᠪᠠ ᠪᠣᠳᠠᠰ ᠲᠤ ᠬᠦᠷᠴᠦ ᠪᠤᠯᠬᠤ ᠦᠭᠡᠢ᠂ ᠥᠯᠢᠭᠡᠷ ᠠᠪᠤᠭᠰᠠᠨ ᠤ ᠳᠠᠷᠠᠭ᠎ᠠ ᠠᠮᠠᠪᠴᠢ ᠪᠠᠨ ᠵᠡᠭᠦᠵᠦ ᠲᠦᠷᠭᠡᠨ ᠵᠠᠶᠢᠯᠠᠬᠤ ᠬᠡᠷᠡᠭᠲᠡᠢ ᠭᠡᠪᠡ᠃      ᠵᠠᠷᠢᠮ ᠭᠠᠵᠠᠷ ᠤᠨ ᠬᠢᠨ ᠠᠳᠠᠯᠢ ᠪᠤᠰᠤ ᠭᠡᠯᠪᠡᠷᠢ ᠪᠠᠷ ᠬᠤᠪᠢ ᠬᠥᠮᠥᠨ ᠥᠪᠡᠷ ᠢᠶᠠᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠠᠵᠢᠯ ᠥᠷᠨᠢᠭᠦᠯᠬᠦ ᠶᠢ ᠲᠤᠷᠰᠢᠵᠤ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠭᠦᠸᠧ ᠶᠠᠨ ᠬᠤᠩ᠂ ᠥᠪᠡᠷ ᠢᠶᠠᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠵᠢᠷᠤᠮᠵᠢᠯᠳᠤ ᠴᠢᠨᠠᠷ᠂ ᠪᠦᠲᠦᠮᠵᠢᠲᠦ ᠴᠢᠨᠠᠷ ᠪᠠ ᠠᠮᠤᠷ ᠲᠦᠪᠰᠢᠨ ᠴᠢᠨᠠᠷ ᠢ ᠣᠨᠴᠠᠭᠠᠶᠢᠯᠠᠨ ᠠᠩᠬᠠᠷᠬᠤ ᠬᠡᠷᠡᠭᠲᠡᠢ᠂ ᠪᠦᠷᠢᠨ ᠲᠡᠭᠦᠯᠳᠡᠷ ᠬᠡᠷᠡᠭᠵᠢᠭᠦᠯᠬᠦ ᠲᠥᠰᠥᠯ ᠲᠣᠭᠲᠠᠭᠠᠬᠤ ᠶᠢᠨ ᠬᠠᠮᠲᠤ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠂ ᠥᠪᠡᠷ ᠢᠶᠠᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠥᠯᠢᠭᠡᠷ ᠠᠪᠬᠤ ᠶᠠᠰᠤ ᠴᠢᠨᠠᠷ ᠢ ᠪᠠᠲᠤᠯᠠᠬᠤ ᠬᠡᠷᠡᠭᠲᠡᠢ ᠭᠡᠵᠡᠢ᠃      ︵ᠰᠢᠨᠬᠤᠸᠠ ᠬᠤᠷᠢᠶᠠᠨ  ᠤ ᠪᠡᠭᠡᠵᠢᠩ ᠤᠨ  11ᠰᠠᠷ᠎ᠠ ᠶᠢᠨ 29 ᠤ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ