ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ︽ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠬᠳᠠᠬᠰᠠᠳ ᠤᠨ ᠭᠡᠷ ᠲᠡᠭᠡᠨ ᠡᠮᠨᠡᠨ ᠵᠠᠰᠠᠬᠤ ᠵᠦᠭᠯᠡᠭᠦᠷ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2022/12/10
      ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠬᠳᠠᠬᠰᠠᠳ ᠤᠨ ᠭᠡᠷ ᠲᠡᠭᠡᠨ ᠡᠮᠨᠡᠨ ᠵᠠᠰᠠᠬᠤ ᠬᠠᠮᠢᠶ᠎ᠠ ᠪᠦᠬᠦᠢ ᠠᠵᠢᠯ ᠢ ᠪᠦᠲᠦᠮᠵᠢᠲᠡᠶ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ 8 ᠤ ᠡᠳᠦᠷ ︽ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠬᠳᠠᠬᠰᠠᠳ ᠤᠨ  ᠭᠡᠷ ᠲᠡᠭᠡᠨ ᠡᠮᠨᠡᠨ ᠵᠠᠰᠠᠬᠤ ᠵᠦᠭᠯᠡᠭᠦᠷ︾ ᠢ ᠨᠡᠶᠢᠲᠡᠯᠡᠪᠡ᠃ ᠲᠤᠰ ᠵᠦᠭᠯᠡᠭᠦᠷ ᠨᠢ ᠬᠦᠨᠳᠦ ᠨᠣᠴᠢᠲᠠᠢ ᠰᠠᠭᠤᠷᠢ ᠡᠪᠡᠳᠴᠢᠨ ᠳᠠᠪᠬᠤᠴᠠᠭᠰᠠᠨ ᠦᠭᠡᠢ ᠡᠪᠡᠳᠴᠢᠨ ᠤ ᠢᠯᠡᠷᠡᠯ ᠦᠭᠡᠢ ᠪᠤᠶᠤ ᠡᠪᠡᠳᠴᠢᠨ ᠤ ᠢᠯᠡᠷᠡᠯ ᠨᠢ ᠬᠥᠩᠭᠡᠨ ᠬᠠᠯᠳᠠᠪᠤᠷᠢᠯᠠᠬᠲᠠᠬᠰᠠᠳ ᠲᠤ ᠲᠣᠭᠢᠷᠠᠨ᠎ᠠ ︔ ᠰᠠᠭᠤᠷᠢ ᠡᠪᠡᠳᠴᠢᠨ ᠲᠣᠭᠲᠠᠭᠤᠨ ᠬᠤᠭᠤᠴᠠᠭᠠᠨ ᠳᠤ ᠪᠠᠶᠢᠬᠤ᠂ ᠬᠦᠨᠳᠦ ᠨᠣᠴᠢᠲᠠᠢ ᠵᠢᠷᠦᠬᠡ ᠡᠯᠢᠭᠡ ᠠᠭᠤᠰᠬᠢ ᠪᠥᠭᠡᠷ᠎ᠡ ᠲᠠᠷᠢᠬᠢ ᠵᠡᠷᠭᠡ ᠴᠢᠬᠤᠯᠠ ᠡᠷᠬᠡᠲᠡᠨ ᠤ ᠠᠵᠢᠯᠯᠠᠭ᠎ᠠ ᠪᠦᠷᠢᠨ ᠪᠤᠰᠤ ᠵᠡᠷᠭᠡ ᠢᠯᠡᠷᠡᠯ ᠦᠭᠡᠢ ᠡᠮᠨᠡᠯᠭᠡ ᠳᠤ ᠰᠠᠭᠤᠵᠤ ᠡᠮᠨᠡᠭᠦᠯᠭᠦ ᠴᠢᠬᠤᠯᠠᠲᠠᠢ ᠬᠠᠯᠳᠠᠪᠤᠷᠢᠯᠠᠬᠲᠠᠬᠰᠠᠳ ᠲᠤ ᠵᠣᠬᠢᠴᠠᠨ᠎ᠠ᠃      ᠵᠦᠭᠯᠡᠭᠦᠷ ᠲᠤ᠂ ᠨᠥᠬᠦᠴᠡᠯ ᠪᠣᠯᠣᠯᠴᠠᠭ᠎ᠠ ᠲᠠᠢ ᠪᠠᠶᠢᠳᠠᠯ ᠳᠣᠣᠷ᠎ᠠ᠂ ᠭᠡᠷ ᠲᠡᠭᠡᠨ ᠡᠮᠨᠡᠨ ᠵᠠᠰᠠᠵᠤ  ᠪᠠᠶᠢᠭ᠎ᠠ ᠬᠥᠮᠥᠨ ᠠᠯᠢ ᠴᠢᠳᠠᠬᠤ ᠪᠠᠷ ᠭᠡᠷ ᠲᠡᠭᠡᠨ ᠲᠤᠰᠠᠭᠠᠷᠯᠠᠨ ᠰᠠᠭᠤᠵᠤ᠂ ᠲᠤᠰᠠᠭᠠᠷ ᠠᠷᠢᠭᠤᠨ ᠴᠡᠪᠡᠷ ᠤᠨ ᠲᠠᠰᠤᠯᠭ᠎ᠠ ᠬᠡᠷᠡᠭᠯᠡᠨ᠎ᠡ᠃ ᠭᠡᠷ ᠪᠦᠯᠢ ᠳᠡᠭᠡᠨ ᠪᠡᠶ᠎ᠡ ᠶᠢᠨ ᠳᠤᠯᠠᠭᠠᠨ ᠤ ᠬᠡᠮᠵᠢᠭᠦᠷ  ︵ᠬᠠᠯᠳᠠᠪᠤᠷᠢᠯᠠᠬᠲᠠᠬᠰᠠᠳ ᠲᠤ ᠲᠤᠰᠬᠠᠢ ᠬᠡᠷᠡᠭᠯᠡᠬᠦ︶᠂  ᠠᠯᠴᠢᠭᠤᠷ᠂ ᠠᠮᠠᠪᠴᠢ᠂ ᠨᠢᠭᠡ ᠤᠳᠠᠭ᠎ᠠ ᠶᠢᠨ ᠴᠢᠨᠠᠷᠲᠠᠢ ᠪᠡᠭᠡᠯᠡᠢ᠂ ᠠᠷᠢᠭᠤᠳᠬᠠᠬᠤ ᠡᠳ᠋ ᠵᠡᠷᠭᠡ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ ᠬᠡᠷᠡᠭᠰᠡᠯ ᠪᠣᠯᠣᠨ ᠠᠷᠢᠭᠤᠳᠬᠠᠬᠤ ᠦᠢᠯᠡᠳᠬᠦᠨ ᠵᠢᠴᠢ ᠬᠠᠪᠬᠠᠭᠠᠰᠤ ᠲᠠᠢ ᠬᠤᠭ ᠨᠣᠪᠰᠢ ᠶᠢᠨ ᠰᠠᠪᠠ  ᠲᠣᠬᠢᠷᠠᠭᠤᠯᠪᠠᠯ ᠵᠣᠬᠢᠨ᠎ᠠ ᠭᠡᠵᠦ ᠲᠣᠳᠣᠷᠬᠠᠶᠢᠯᠠᠪᠠ᠃      ᠵᠦᠭᠯᠡᠭᠦᠷ ᠲᠤ᠂ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠶᠢᠭᠡᠮ ᠲᠣᠭᠤᠷᠢᠭ  ︵ᠦᠨᠳᠦᠰᠦᠨ ᠱᠠᠲᠤᠨ︶  ᠤᠨ ᠠᠵᠢᠯ ᠤᠨ ᠲᠣᠭᠲᠠᠴᠠ ᠶᠢᠨ ᠵᠣᠬᠢᠶᠠᠨ ᠪᠠᠶᠢᠭᠤᠯᠬᠤ᠂ ᠳᠠᠶᠢᠴᠢᠯᠠᠬᠤ᠂ ᠬᠥᠲᠥᠯᠥᠨ ᠵᠢᠯᠤᠭᠤᠳᠬᠤ᠂ ᠦᠢᠯᠡᠴᠢᠯᠡᠬᠦ᠂ ᠪᠠᠲᠤᠯᠠᠬᠤ᠂ ᠬᠠᠮᠢᠶᠠᠷᠬᠤ ᠴᠢᠬᠤᠯᠠ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠠᠰᠠᠭᠤᠨ ᠯᠠᠪᠯᠠᠬᠤ ᠤᠲᠠᠰᠤ ᠪᠠᠨ ᠢᠯᠡ ᠪᠠᠷ ᠨᠡᠶᠢᠲᠡᠯᠡᠵᠦ᠂ ᠭᠡᠷ ᠲᠡᠭᠡᠨ ᠡᠮᠨᠡᠨ ᠵᠠᠰᠠᠬᠤ ᠳᠤ ᠠᠩᠬᠠᠷᠬᠤ ᠵᠦᠢᠯᠡᠰ ᠢ ᠮᠡᠳᠡᠭᠳᠡᠬᠦ ᠶᠢᠨ ᠬᠠᠮᠲᠤ ᠭᠡᠷ ᠲᠡᠭᠡᠨ ᠡᠮᠨᠡᠨ ᠵᠠᠰᠠᠵᠤ  ᠪᠠᠶᠢᠭ᠎ᠠ ᠬᠥᠮᠥᠰ ᠢ ᠲᠤᠤᠷᠵᠢᠬᠰᠠᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠢ᠃ ᠭᠠᠭᠴᠠᠭᠠᠷ ᠰᠠᠭᠤᠭ᠎ᠠ ᠨᠠᠰᠤᠲᠠᠨ᠂ ᠰᠠᠭᠤᠷᠢ ᠡᠪᠡᠳᠴᠢᠨ ᠲᠠᠢ ᠡᠪᠡᠳᠴᠢᠲᠡᠨ᠂ ᠵᠢᠷᠮᠦᠰᠦᠨ ᠪᠠ ᠬᠥᠩᠭᠡᠵᠢᠭᠰᠡᠨ ᠡᠮᠡᠭᠲᠡᠢ᠂ ᠴᠢᠰᠤ ᠨᠡᠪᠴᠢᠭᠦᠯᠦᠨ ᠢᠯᠭᠠᠷᠠᠭᠤᠯᠬᠤ ᠡᠪᠡᠳᠴᠢᠲᠡᠨ ᠵᠡᠷᠭᠡ ᠭᠡᠷ ᠲᠡᠭᠡᠨ ᠡᠮᠨᠡᠨ ᠵᠠᠰᠠᠬᠤ ᠣᠨᠴᠠᠭᠠᠢ ᠬᠥᠮᠥᠰ ᠲᠤ ᠡᠬᠡ ᠲᠠᠩᠰᠠ ᠪᠠᠶᠢᠭᠤᠯᠵᠤ᠂ ᠴᠢᠬᠤᠯᠠ ᠪᠦᠬᠦᠢ ᠡᠮᠴᠢᠯᠡᠭᠡᠨ ᠤ ᠦᠢᠯᠡᠴᠢᠯᠡᠭᠡ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠡᠭᠦᠨ ᠤ ᠬᠠᠮᠲᠤ᠂ ᠨᠡᠶᠢᠭᠡᠮ ᠲᠣᠭᠤᠷᠢᠭ ᠪᠤᠶᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠭᠡᠷ ᠲᠡᠭᠡᠨ ᠡᠮᠨᠡᠨ ᠵᠠᠰᠠᠵᠤ  ᠪᠠᠶᠢᠭ᠎ᠠ ᠬᠥᠮᠥᠰ ᠤᠨ ᠭᠠᠳᠠᠭᠰᠢ ᠭᠠᠷᠴᠤ ᠡᠮᠨᠡᠭᠦᠯᠭᠦ ᠬᠡᠷᠡᠭᠴᠡᠭᠡ ᠱᠠᠭᠠᠷᠳᠠᠯᠭ᠎ᠠ ᠶᠢ ᠬᠠᠪᠰᠤᠷᠤᠨ ᠲᠣᠬᠢᠷᠠᠭᠤᠯᠤᠭᠰᠠᠨ ᠤ ᠳᠠᠷᠠᠭ᠎ᠠ᠂ ᠲᠡᠭᠦᠨ ᠤ ᠭᠤᠣᠯ ᠪᠤᠯᠬᠤ ᠡᠪᠡᠳᠴᠢᠨ ᠤ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ ᠵᠢᠭᠠᠨ ᠵᠢᠯᠤᠭᠤᠳᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠰᠠᠶᠢᠲᠤᠷ ᠬᠢᠬᠦ ᠶᠢᠨ ᠬᠠᠮᠲᠤ᠂ ᠬᠠᠮᠢᠶ᠎ᠠ ᠪᠦᠬᠦᠢ ᠡᠮᠨᠡᠯᠭᠡ ᠶᠢᠨ ᠬᠤᠷᠢᠶ᠎ᠠ ᠳᠤ ᠬᠠᠪᠰᠤᠷᠤᠨ ᠳᠠᠷᠤᠶᠢᠬᠠᠨ ᠪᠢᠲᠡᠭᠦᠮᠵᠢᠯᠡᠨ ᠰᠢᠯᠵᠢᠭᠦᠯᠵᠦ ᠠᠪᠤᠷᠠᠨ ᠡᠮᠨᠡᠭᠦ ᠬᠡᠷᠡᠭᠲᠡᠢ᠃ ᠰᠢᠶᠠᠨ  ︵ᠬᠤᠲᠠ᠂ ᠲᠣᠭᠤᠷᠢᠭ︶ ᠢᠶᠠᠷ ᠨᠢᠭᠡᠴᠢ ᠪᠣᠯᠭᠠᠨ᠂ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠬᠢᠭᠡᠳ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠲᠦᠷᠭᠡᠨ ᠰᠢᠯᠵᠢᠭᠦᠯᠦᠨ ᠲᠡᠭᠡᠭᠡᠪᠦᠷᠢᠯᠡᠬᠦ ᠨᠡᠪᠲᠡᠷᠡᠬᠦ ᠵᠠᠮ ᠢ ᠪᠠᠶᠢᠭᠤᠯᠬᠤ ᠬᠡᠷᠡᠭᠲᠡᠢ᠃      ᠭᠡᠷ ᠲᠡᠭᠡᠨ ᠡᠮᠨᠡᠨ ᠵᠠᠰᠠᠵᠤ ᠪᠠᠶᠢᠭ᠎ᠠ ᠬᠥᠮᠥᠰ ᠤᠨ ᠥᠪᠡᠷ ᠢ ᠪᠠᠨ ᠬᠠᠮᠢᠶᠠᠷᠬᠤ ᠱᠠᠭᠠᠷᠳᠠᠯᠭ᠎ᠠ ᠳᠤ ᠴᠢᠭᠯᠡᠭᠦᠯᠦᠨ ᠵᠦᠭᠯᠡᠭᠦᠷ ᠲᠤ᠂ ᠭᠡᠷ ᠲᠡᠭᠡᠨ ᠡᠮᠴᠢᠯᠡᠵᠦ ᠪᠠᠶᠢᠭ᠎ᠠ ᠬᠥᠮᠥᠰ ᠡᠳᠦᠷ ᠪᠦᠷᠢ ᠥᠷᠯᠥᠭᠡ ᠣᠷᠣᠢ ᠲᠣᠰ ᠪᠦᠷᠢ ᠨᠢᠭᠡ ᠤᠳᠠᠭ᠎ᠠ ᠪᠡᠶ᠎ᠡ ᠶᠢᠨ ᠬᠠᠯᠠᠭᠤᠨ ᠢᠶᠠᠨ ᠭᠡᠮᠵᠢᠭᠦ ᠪᠠ ᠥᠪᠡᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠬᠡᠷᠡᠭᠲᠡᠢ᠂ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠭᠠᠷᠪᠠᠯ ᠡᠪᠡᠳᠴᠢᠨ ᠳᠡᠭᠡᠨ ᠲᠣᠬᠢᠷᠠᠭᠤᠯᠤᠨ ᠰᠢᠢᠳᠪᠦᠷᠢᠯᠡᠬᠦ ᠪᠤᠶᠤ ᠡᠮ ᠤᠤᠭᠤᠵᠤ ᠪᠣᠯᠣᠨ᠎ᠠ᠃ ᠬᠡᠷᠪᠡ ᠠᠮᠢᠰᠬᠤᠯ ᠴᠢᠬᠤᠯᠳᠠᠬᠤ ᠪᠤᠶᠤ ᠠᠮᠢᠰᠬᠤᠯ ᠳᠠᠪᠬᠤᠴᠠᠵᠤ  ᠡᠮ ᠢᠶᠠᠷ ᠵᠠᠰᠠᠭᠰᠠᠨ ᠤ ᠳᠠᠷᠠᠭ᠎ᠠ ᠪᠡᠶ᠎ᠡ ᠶᠢᠨ ᠬᠠᠯᠠᠭᠤᠨ ᠨᠢ ᠮᠥᠨ 38.5°C  ᠠᠴᠠ ᠥᠨᠳᠥᠷ ᠪᠠᠶᠢᠵᠤ᠂ 3 ᠡᠳᠦᠷ ᠠᠴᠠ ᠬᠡᠲᠦᠷᠡᠵᠦ᠂ ᠤᠤᠯ ᠤᠨ ᠰᠠᠭᠤᠷᠢ ᠡᠪᠡᠳᠴᠢᠨ ᠨᠢ ᠢᠯᠡᠳᠲᠡ ᠬᠦᠨᠳᠦᠷᠡᠭᠰᠡᠨ ᠪᠥᠭᠡᠳ ᠡᠵᠡᠮᠳᠡᠵᠦ ᠳᠡᠶᠢᠯᠭᠦ ᠦᠭᠡᠢ ᠵᠡᠷᠭᠡ ᠪᠠᠶᠢᠳᠠᠯ ᠢᠯᠡᠷᠡᠪᠡᠯ ᠥᠪᠡᠰᠦᠪᠡᠨ ᠲᠡᠷᠭᠡ ᠵᠢᠯᠤᠭᠤᠳᠬᠤ᠂ 120 ᠲᠦᠷᠭᠡᠨ ᠠᠪᠤᠷᠠᠯᠳᠠ ᠶᠢᠨ ᠲᠡᠷᠭᠡ   ᠶᠢ ᠳᠠᠭᠤᠳᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠮᠢᠶ᠎ᠠ ᠪᠦᠬᠦᠢ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠡᠮᠨᠡᠭᠦᠯᠵᠦ ᠪᠣᠯᠣᠨ᠎ᠠ᠃      ᠵᠦᠭᠯᠡᠭᠦᠷ ᠲᠤ ᠲᠣᠳᠣᠷᠬᠠᠶᠢᠯᠠᠭᠰᠠᠨ ᠢᠶᠠᠷ᠂ ᠭᠡᠷ ᠲᠡᠭᠡᠨ ᠡᠮᠨᠡᠨ ᠵᠠᠰᠠᠵᠤ  ᠪᠠᠶᠢᠭ᠎ᠠ ᠬᠥᠮᠥᠰ ᠤᠨ ᠡᠪᠡᠳᠴᠢᠨ ᠤ ᠪᠠᠶᠢᠳᠠᠯ ᠢᠯᠡᠳᠲᠡ ᠰᠠᠶᠢᠵᠢᠷᠠᠭᠰᠠᠨ ᠪᠤᠶᠤ ᠢᠯᠡᠷᠬᠡᠢ ᠡᠪᠡᠳᠴᠢᠨ ᠤ ᠢᠯᠡᠷᠡᠯ ᠦᠭᠡᠢ᠂ ᠥᠳᠥᠭᠡᠭᠴᠢ ᠶᠢᠨ ᠪᠢᠯᠢᠭ ᠴᠢᠨᠠᠷ ᠢ ᠥᠪᠡᠷ ᠢᠶᠠᠨ ᠬᠡᠮᠵᠢᠭᠰᠡᠨ ᠪᠥᠭᠡᠳ ᠵᠠᠯᠭᠠᠭ᠎ᠠ ᠪᠠᠷ ᠬᠤᠶᠠᠷ ᠤᠳᠠᠭ᠎ᠠ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ  ᠪᠠᠶᠢᠴᠠᠭᠠᠯᠲᠠ ᠶᠢᠨ Ct ᠬᠡᠮᠵᠢᠭᠳᠡᠯ ≥35 ︵ᠬᠤᠶᠠᠷ ᠤᠳᠠᠭᠠᠨ  ᠤ ᠰᠢᠯᠭᠠᠨ ᠪᠠᠶᠢᠴᠠᠭᠠᠯᠲᠠ ᠶᠢᠨ ᠬᠤᠭᠤᠴᠠᠭ᠎ᠠ ᠨᠢ 24 ᠴᠠᠭ ᠠᠯᠤᠰᠯᠠᠭᠰᠠᠨ︶ ᠪᠠᠶᠢᠪᠠᠯ᠂ ᠭᠡᠷ ᠲᠡᠭᠡᠨ ᠡᠮᠨᠡᠭᠦ ᠶᠢ ᠵᠣᠭᠰᠣᠭᠠᠵᠤ᠂ ᠬᠡᠪ ᠤᠨ ᠠᠮᠢᠳᠤᠷᠠᠯ ᠢᠶᠠᠨ ᠰᠡᠷᠭᠦᠭᠡᠬᠦ ᠪᠠ ᠭᠠᠳᠠᠭᠰᠢ ᠭᠠᠷᠴᠤ ᠪᠣᠯᠣᠨ᠎ᠠ᠃      ( ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 8  ᠤ ᠴᠠᠭᠢᠯᠭᠠᠨ ᠮᠡᠳᠡᠭᠡ )
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ