12 ᠳ᠋ᠤᠭᠠᠷ ᠰᠠᠷ᠎ᠠ ᠶᠢᠨ 8 ᠤ ᠡᠳᠦᠷ᠂ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ︽ᠵᠠᠮ | ᠬᠠᠷᠢᠯᠴᠠᠭᠠᠨ ᠤ ᠬᠠᠮᠢᠶᠠᠷᠤᠯᠲᠠ 12123︾ App ᠵᠢᠯᠣᠭᠤᠴᠢ ᠶᠢᠨ ᠬᠢᠴᠢᠶᠡᠯ ᠲᠥᠷᠥᠯ ᠤᠨ ᠨᠢᠭᠡᠳᠦᠭᠡᠷ ᠤᠳᠠᠭᠠᠨ ᠤ ᠰᠢᠯᠭᠠᠯᠲᠠ ᠶᠢᠨ ᠰᠦᠯᠵᠢᠶᠡᠨ | ᠳᠡᠭᠡᠷ᠎ᠡ ᠪᠣᠯᠵᠣᠬᠤ ᠴᠢᠳᠠᠮᠵᠢ ᠶᠢ ᠨᠢᠭᠡᠨᠲᠡ ᠨᠡᠭᠡᠭᠡᠵᠦ᠂ ᠠᠩᠬᠠᠨ ᠤ ᠪᠦᠯᠦᠭ ᠰᠢᠯᠭᠠᠯᠲᠠ ᠶᠢᠨ ᠴᠠᠭ ᠨᠢ 12 ᠳ᠋ᠤᠭᠠᠷ ᠰᠠᠷ᠎ᠠ ᠶᠢᠨ 19 ᠤ ᠡᠳᠦᠷ ᠪᠣᠯᠣᠨ᠎ᠠ᠃ | ᠵᠢᠯᠣᠭᠤᠴᠢ ᠶᠢᠨ ᠦᠨᠡᠮᠯᠡᠯ ᠰᠢᠯᠭᠠᠭᠤᠯᠬᠤ ᠪᠠᠷ ᠪᠡᠯᠡᠳᠬᠡᠵᠦ ᠪᠠᠶᠢᠭ᠎ᠠ ᠬᠤᠲᠠ ᠶᠢᠨ ᠠᠷᠠᠳ ᠡᠨᠡ ᠬᠡᠳᠦᠨ ᠡᠳᠦᠷ ᠭᠠᠷ ᠤᠲᠠᠰᠤᠨ ᠳᠡᠭᠡᠷᠡᠬᠢ ︽ᠵᠠᠮ | ᠬᠠᠷᠢᠯᠴᠠᠭᠠᠨ ᠤ ᠬᠠᠮᠢᠶᠠᠷᠤᠯᠲᠠ 12123︾ App ᠳᠡᠭᠡᠷ᠎ᠡ ᠤᠷᠢᠳᠴᠢᠯᠠᠨ ᠪᠣᠯᠵᠣᠬᠤ ᠰᠢᠯᠭᠠᠯᠲᠠ ᠶᠢᠨ ᠭᠤᠶᠤᠴᠢᠯᠠᠯ ᠢᠶᠠᠨ ᠲᠤᠰᠢᠶᠠᠵᠤ ᠪᠣᠯᠣᠨ᠎ᠠ᠃ | ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠵᠢᠯᠣᠭᠤᠴᠢ ᠶᠢᠨ | ᠰᠢᠯᠭᠠᠯᠲᠠ ᠶᠢᠨ ᠲᠥᠪ ᠤᠨ ᠠᠵᠢᠯᠲᠠᠨ ᠢᠯᠡᠷᠬᠡᠶᠢᠯᠡᠬᠦ ᠳᠡᠭᠡᠨ᠂ ᠣᠳᠣᠬᠠᠨ ᠳᠤ ᠮᠠᠨ ᠤ ᠬᠤᠲᠠ ᠶᠢᠨ ᠲᠡᠷᠭᠡ ᠵᠢᠯᠤᠭᠤᠳᠬᠤ ᠬᠠᠮᠢᠶᠠᠷᠤᠯᠲᠠ ᠶᠢᠨ ᠬᠤᠯᠪᠣᠭᠳᠠᠯ | ᠪᠦᠬᠦᠢ ᠲᠤᠬᠠᠶᠢᠯᠠᠭᠰᠠᠨ ᠠᠵᠢᠯ ᠢ ᠰᠡᠷᠭᠦᠭᠡᠬᠦ ᠪᠡᠯᠡᠳᠬᠡᠯ ᠠᠵᠢᠯ ᠢ ᠨᠢᠭᠡᠨᠲᠡ ᠬᠢᠵᠦ ᠳᠠᠭᠤᠰᠬᠠᠭᠠᠳ ᠣᠲᠣ ᠶᠠᠭ ᠨᠡᠭᠡᠭᠡᠯᠲᠡ ᠬᠢᠬᠦ ᠠᠴᠠ ᠡᠮᠦᠨᠡᠬᠢ | ᠲᠣᠬᠢᠷᠠᠭᠤᠯᠤᠯᠲᠠ ᠶᠢᠨ ᠠᠵᠢᠯ ᠢ ᠬᠢᠵᠦ ᠪᠠᠶᠢᠨ᠎ᠠ᠂ ᠣᠲᠣ ᠶᠠᠭ ᠮᠠᠨ ᠤ ᠬᠤᠲᠠ ᠶᠢᠨ ᠡᠯ᠎ᠡ ᠵᠢᠯᠣᠭᠤᠴᠢ ᠶᠢᠨ ᠰᠤᠷᠭᠠᠭᠤᠯᠢ᠂ ᠰᠢᠯᠭᠠᠯᠲᠠ ᠶᠢᠨ ᠲᠠᠯᠠᠪᠤᠷ᠂ | ᠮᠠᠰᠢᠨ ᠲᠡᠷᠭᠡᠨ ᠤ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠵᠣᠬᠢᠴᠠᠭᠤᠯᠤᠨ ᠨᠡᠭᠡᠭᠡᠯᠲᠡ ᠬᠢᠬᠦ ᠪᠠ ᠠᠵᠢᠯᠲᠠᠨ ᠪᠡᠯᠡᠳᠬᠡᠬᠦ ᠬᠤᠯᠪᠣᠭᠳᠠᠯ ᠪᠦᠬᠦᠢ ᠠᠵᠢᠯ ᠢ | ᠥᠷᠨᠢᠭᠦᠯᠵᠦ ᠪᠠᠶᠢᠨ᠎ᠠ᠂ ᠵᠢᠱᠢᠯᠲᠡ ᠪᠠᠷ 12 ᠳ᠋ᠤᠭᠠᠷ ᠰᠠᠷ᠎ᠠ ᠶᠢᠨ 12 ᠤᠨ ᠡᠳᠦᠷ ᠤᠨ ᠤᠷᠢᠳ ᠬᠤᠵᠢᠳ ᠠᠴᠠ ᠰᠦᠯᠵᠢᠶᠡᠨ ᠭᠠᠳᠠᠨᠠᠬᠢ ᠡᠯ᠎ᠡ ᠵᠦᠢᠯ ᠤᠨ | ᠲᠤᠬᠠᠶᠢᠯᠠᠭᠰᠠᠨ ᠠᠵᠢᠯ ᠢ ᠰᠡᠷᠭᠦᠭᠡᠬᠦ ᠪᠠᠷ ᠪᠣᠶ᠂ ᠬᠤᠲᠠ ᠶᠢᠨ ᠠᠷᠠᠳ ︽ᠵᠠᠮ ᠬᠠᠷᠢᠯᠴᠠᠭᠠᠨ ᠤ ᠬᠠᠮᠢᠶᠠᠷᠤᠯᠲᠠ 12123︾ App ᠶᠢᠨ ᠬᠤᠯᠪᠣᠭᠳᠠᠯ | ᠪᠦᠬᠦᠢ ᠮᠡᠳᠡᠭᠡ ᠵᠠᠩᠭᠢ ᠶᠢ ᠠᠩᠬᠠᠷᠴᠤ᠂ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠷ ᠪᠣᠯᠵᠣᠵᠤ ᠪᠣᠯᠣᠨ᠎ᠠ᠂ ᠪᠣᠯᠵᠤᠭ᠎ᠠ ᠪᠦᠲᠦᠭᠰᠡᠨ ᠤ | ᠳᠠᠷᠠᠭ᠎ᠠ ᠴᠢᠮᠡᠭᠡ ᠬᠦᠯᠢᠶᠡᠨ᠎ᠡ᠃ ᠣᠳᠣᠬᠠᠨ ᠳᠤ ︽ᠵᠠᠮ ᠬᠠᠷᠢᠯᠴᠠᠭᠠᠨ ᠤ ᠬᠠᠮᠢᠶᠠᠷᠤᠯᠲᠠ 12123︾ App ᠤᠨ ᠤᠷᠢᠳᠴᠢᠯᠠᠨ ᠪᠣᠯᠵᠣᠬᠤ ᠦᠢᠯᠡᠴᠢᠯᠡᠭᠡ | ᠨᠢ ᠨᠠᠩ ᠲᠥᠬᠦᠮ ᠪᠥᠭᠡᠳ ᠡᠮᠬᠢ ᠵᠢᠷᠤᠮ ᠲᠠᠢ ᠪᠣᠯᠤᠭᠰᠠᠨ ᠪᠥᠭᠡᠳ ᠲᠤᠬᠠᠢ ᠶᠢᠨ ᠲᠠᠯᠠᠪᠤᠷ ᠲᠤ ᠮᠥᠷᠯᠡᠵᠦ ᠬᠦᠯᠢᠶᠡᠬᠦ ᠴᠢᠬᠤᠯᠠ ᠦᠭᠡᠢ ᠪᠣᠯᠤᠭᠰᠠᠨ ᠪᠠᠶᠢᠨ᠎ᠠ᠃ | |