ᠭᠦᠭᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ  ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ  ᠤᠨ ᠵᠢᠯᠤᠭᠤᠳᠬᠤ ᠭᠠᠵᠠᠷ  ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠠᠯᠪᠠᠨ ᠵᠠᠷᠯᠠᠯ ︵2022 ᠣᠨ ᠤ 157 ᠳ᠋ᠤᠭᠠᠷ ᠲᠣᠭᠠᠲᠤ︶
ᠨᠡᠶᠢᠲᠡᠯᠡᠭᠰᠡᠨ ᠴᠠᠭ᠄
2022/12/11
      ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︵﹇2022﹈113 ᠳ᠋ᠤᠭᠠᠷ ᠲᠣᠭᠠᠲᠤ︶  ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠡᠳᠦᠭᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠳᠠᠷᠠᠭᠠᠬᠢ ᠮᠡᠲᠦ ᠵᠠᠷᠯᠠᠶ᠎ᠠ᠄      1. ᠲᠦᠭᠰᠢᠭᠦᠷᠢᠲᠡᠢ ᠣᠷᠣᠨ ᠪᠦᠰᠡ ᠶᠢ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠪᠠᠷ ᠬᠤᠪᠢᠶᠠᠷᠢᠯᠠᠨ᠎ᠠ᠃ ᠠᠰᠠᠷ᠂ ᠤᠷᠤᠴᠡ᠂ ᠳᠠᠪᠬᠤᠷᠭ᠎ᠠ᠂ ᠰᠠᠭᠤᠭᠠᠯᠢ ᠡᠷᠥᠭᠡ ᠪᠠᠷ ᠲᠦᠭᠰᠢᠭᠦᠷᠢᠲᠡᠢ ᠣᠷᠣᠨ ᠪᠦᠰᠡ ᠶᠢ ᠬᠤᠪᠢᠶᠠᠷᠢᠯᠠᠨ ᠲᠣᠭᠲᠠᠭᠠᠬᠤ ᠬᠡᠷᠡᠭᠲᠡᠢ᠃ ᠨᠢᠭᠡᠨᠲᠡ ᠵᠠᠭᠠᠭᠯᠠᠨ ᠲᠣᠭᠲᠠᠭᠠᠭᠰᠠᠨ ᠥᠨᠳᠥᠷ ᠲᠦᠭᠰᠢᠭᠦᠷᠢᠲᠡᠢ ᠣᠷᠣᠨ ᠳᠤ ᠵᠠᠯᠭᠠᠪᠠᠷ 5 ᠡᠳᠦᠷ ᠠᠷᠭ᠎ᠠ ᠴᠢᠨᠠᠷᠲᠠᠢ ᠬᠠᠯᠳᠠᠪᠤᠷᠢᠯᠠᠬᠳᠠᠬᠰᠠᠳ ᠰᠢᠨ᠎ᠡ ᠪᠠᠷ ᠨᠡᠮᠡᠭᠳᠡᠭᠰᠡᠨ ᠦᠭᠡᠢ ᠪᠠᠶᠢᠪᠠᠯ ᠴᠠᠭ ᠲᠤᠬᠠᠢ ᠳᠤᠨᠢ ᠪᠢᠲᠡᠭᠦᠮᠵᠢᠯᠡᠯ ᠢ ᠲᠠᠶᠢᠯᠬᠤ ᠬᠡᠷᠡᠭᠲᠡᠢ᠃      2. ᠪᠥᠭᠡᠮ ᠬᠦᠴᠢᠯ ᠤᠨ ᠪᠠᠶᠢᠴᠠᠭᠠᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠳᠠᠭᠢᠵᠤ ᠪᠦᠭᠦ ᠬᠥᠮᠥᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠭᠡᠢ᠃ ᠲᠥᠪᠯᠡᠷᠡᠭᠦᠯᠦᠨ ᠲᠤᠰᠠᠭᠠᠷᠯᠠᠬᠤ ᠴᠡᠭ ᠲᠤ ᠪᠠᠶᠢᠭ᠎ᠠ ᠡᠪᠡᠳᠴᠢᠲᠡᠨ 5 ᠳ᠋ᠤᠭᠠᠷ ᠡᠳᠦᠷ ᠲᠤ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠠᠵᠢᠯᠲᠠᠨ᠂ ᠬᠢᠯᠢ ᠪᠠᠷ ᠣᠷᠣᠵᠤ ᠢᠷᠡᠬᠦ ᠬᠥᠮᠥᠰ ᠪᠠ ᠡᠳ᠋ ᠪᠣᠳᠠᠰ ᠣᠷᠴᠢᠨ ᠲᠣᠭᠤᠷᠢᠨ  ᠯᠤᠭ᠎ᠠ ᠰᠢᠭᠤᠳ ᠬᠦᠷᠦᠯᠴᠡᠬᠦ ᠬᠥᠮᠥᠰ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠪᠠ ᠡᠩ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠶᠢᠨ ᠠᠵᠢᠯᠲᠠᠨ᠂ ᠥᠯᠢᠭᠡᠷ ᠠᠪᠬᠤ ᠬᠥᠮᠥᠰ 24 ᠴᠠᠭ ᠲᠤ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠭᠦ ᠬᠥᠮᠥᠰ ᠡᠷᠬᠡᠪᠰᠢ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ ᠬᠡᠷᠡᠭᠲᠡᠢ᠂ ᠭᠡᠪᠡᠴᠦ ᠡᠮᠴᠢᠯᠡᠭᠡᠨ ᠤ ᠪᠠᠶᠢᠭᠤᠯᠤᠮᠵᠢ ᠨᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠦᠭᠡᠢ ᠪᠠᠷ ᠰᠢᠯᠲᠠᠭ ᠪᠤᠯᠭᠠᠵᠤ  ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ ᠡᠮᠴᠢᠯᠡᠬᠦ ᠦᠭᠡᠢ ᠪᠠᠶᠢᠵᠤ ᠪᠤᠯᠬᠤ ᠦᠭᠡᠢ᠃      3. ᠲᠤᠰᠠᠭᠠᠷᠯᠠᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠬᠠᠯᠳᠠᠪᠤᠷᠢᠯᠠᠬᠳᠠᠬᠰᠠᠳ ᠢ ᠰᠢᠨᠵᠢᠯᠡᠬᠦ ᠤᠬᠠᠭᠠᠨᠴᠢ ᠪᠠᠷ ᠲᠦᠷᠦᠯ ᠬᠤᠪᠢᠶᠠᠨ ᠭᠥᠯᠢᠶᠡᠨ ᠠᠪᠴᠤ ᠡᠮᠨᠡᠨ ᠵᠠᠰᠠᠵᠤ᠂ ᠭᠡᠷ ᠲᠡᠭᠡᠨ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠬᠳᠠᠬᠰᠠᠳ ᠪᠠ ᠬᠥᠩᠭᠡᠨ ᠭᠡᠯᠪᠡᠷᠢ ᠶᠢᠨ ᠡᠪᠡᠳᠴᠢᠨ ᠤ ᠵᠢᠱᠢᠶ᠎ᠡ ᠶᠢ ᠶᠡᠷᠦ ᠳᠡᠭᠡᠨ ᠭᠡᠷ ᠲᠤᠨᠢ ᠲᠤᠰᠠᠭᠠᠷᠯᠠᠨ᠎ᠠ᠂ ᠲᠤᠰ ᠬᠥᠮᠥᠨ ᠨᠢ ᠨᠡᠶᠢᠭᠡᠮ ᠲᠣᠭᠤᠷᠢᠭ ᠲᠤ ᠭᠤᠶᠤᠴᠢᠯᠠᠯ ᠭᠠᠷᠭᠠᠪᠠᠯ  ᠴᠢᠩᠭᠡᠯᠢᠭ ᠡᠮᠨᠡᠯᠭᠡ ᠶᠢᠨ ᠬᠤᠷᠢᠶᠠᠨ ᠳᠤ ᠭᠥᠯᠢᠶᠡᠨ ᠠᠪᠴᠤ ᠲᠥᠪᠯᠡᠷᠡᠭᠦᠯᠦᠨ ᠲᠤᠰᠠᠭᠠᠷᠯᠠᠵᠤ ᠪᠣᠯᠣᠨ᠎ᠠ᠃ ᠭᠡᠷ ᠲᠡᠭᠡᠨ ᠲᠤᠰᠠᠭᠠᠷᠯᠠᠬᠤ ᠬᠤᠭᠤᠴᠠᠭᠠᠨ ᠳᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ᠲᠤᠰᠠᠭᠠᠷᠯᠠᠭᠰᠠᠨ ᠤ 6᠂ 7 ᠳ᠋ᠤᠭᠠᠷ ᠡᠳᠦᠷ ᠲᠤ ᠵᠠᠯᠭᠠᠪᠡᠷ 2 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ Ct ᠬᠡᠮᠵᠢᠭᠳᠡᠯ > 35 ᠪᠣᠯᠪᠠᠯ ᠲᠤᠰᠠᠭᠠᠷᠯᠠᠬᠤ ᠪᠠᠨ ᠪᠣᠯᠢᠨ᠎ᠠ᠃ ᠡᠪᠡᠳᠴᠢᠨ ᠤ ᠪᠠᠶᠢᠳᠠᠯ ᠨᠢ ᠬᠦᠨᠳᠦᠷᠡᠪᠡᠯ ᠴᠠᠭ ᠲᠤᠬᠠᠢ ᠳᠤᠨᠢ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠡᠮᠨᠡᠭᠦᠯᠦᠨ᠎ᠡ᠃ ᠭᠡᠷ ᠲᠡᠭᠡᠨ ᠲᠤᠰᠠᠭᠠᠷᠯᠠᠬᠤ ᠨᠥᠬᠦᠴᠡᠯ  ᠲᠠᠢ ᠨᠢᠭᠲᠠ ᠣᠶᠢᠷᠠᠲᠤᠭᠰᠠᠳ ᠲᠤ 5 ᠡᠳᠦᠷ ᠭᠡᠷ ᠲᠤᠨᠢ ᠲᠤᠰᠠᠭᠠᠷᠯᠠᠬᠤ ᠠᠷᠭ᠎ᠠ ᠬᠡᠮᠵᠢᠶ᠎ᠡ ᠠᠪᠤᠨ᠎ᠠ᠃ ᠲᠣᠰ ᠬᠥᠮᠥᠨ ᠨᠢ ᠨᠡᠶᠢᠭᠡᠮ ᠲᠣᠭᠤᠷᠢᠭ ᠲᠤ ᠭᠤᠶᠤᠴᠢᠯᠠᠯ ᠭᠠᠷᠭᠠᠪᠠᠯ ᠡᠯ᠎ᠡ ᠬᠤᠰᠢᠭᠤ ᠰᠢᠶᠠᠨ ᠲᠣᠭᠤᠷᠢᠭ ᠤᠨ ᠵᠢᠭᠠᠨ ᠲᠣᠭᠲᠠᠭᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠪᠣᠯᠣᠨ᠎ᠠ᠂ 5 ᠳ᠋ᠤᠭᠠᠷ ᠡᠳᠦᠷ ᠤᠨ ᠪᠥᠭᠡᠮ ᠬᠦᠴᠢᠯ ᠤᠨ ᠪᠠᠶᠢᠴᠠᠭᠠᠯᠲᠠ ᠨᠢ ᠪᠢᠯᠢᠭ ᠴᠢᠨᠠᠷᠲᠠᠢ ᠪᠣᠯ ᠲᠤᠰᠠᠭᠠᠷᠯᠠᠬᠤ ᠪᠠᠨ ᠵᠣᠭᠰᠣᠨ᠎ᠠ᠃      4. ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠭᠢᠨᠳᠠᠨ ᠳᠤ ᠪᠢᠲᠡᠭᠦᠮᠵᠢᠯᠡᠨ ᠬᠠᠮᠢᠶᠠᠷᠬᠤ ᠶᠢ ᠦᠷᠭᠦᠯᠵᠢᠯᠡᠨ ᠬᠡᠷᠡᠭᠵᠢᠭᠦᠯᠦᠨ᠎ᠡ᠃      5. ᠥᠨᠳᠥᠷ ᠳᠤᠮᠳᠠᠳᠤ ᠶᠢᠨ ᠭᠤᠷᠪᠠᠳᠤᠭᠠᠷ ᠣᠨ᠂ ᠠᠩᠬ᠎ᠠ ᠳᠤᠮᠳᠠᠳᠤ ᠶᠢᠨ ᠭᠤᠷᠪᠠᠳᠤᠭᠠᠷ ᠣᠨ ᠤ ᠰᠦᠯᠵᠢᠶᠡᠨ ᠭᠠᠳᠠᠨᠠᠬᠢ ᠵᠢᠭᠠᠨ ᠰᠤᠷᠭᠠᠯᠲᠠ ᠶᠢ ᠡᠮᠬᠢ ᠵᠢᠷᠤᠮ ᠲᠠᠢ ᠰᠡᠷᠭᠦᠭᠡᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠣᠰᠣᠭᠠᠷ ᠬᠡᠷᠡᠭᠵᠢᠭᠦᠯᠦᠨ᠎ᠡ᠃ ᠰᠤᠷᠭᠠᠭᠤᠯᠢ ᠶᠢᠨ ᠭᠠᠳᠠᠨᠠᠬᠢ ᠬᠠᠮᠢᠶ᠎ᠠ ᠦᠭᠡᠢ ᠬᠥᠮᠥᠰ ᠰᠤᠷᠭᠠᠭᠤᠯᠢ ᠶᠢᠨ ᠬᠦᠷᠢᠶᠡᠨ ᠳᠤ ᠣᠷᠣᠵᠤ ᠪᠤᠯᠬᠤ ᠦᠭᠡᠢ᠃ ᠳᠤᠮᠳᠠᠳᠤ ᠰᠤᠷᠭᠠᠭᠤᠯᠢ ᠶᠢᠨ ᠪᠤᠰᠤᠳ ᠣᠨ᠂ ᠪᠠᠭ᠎ᠠ ᠰᠤᠷᠭᠠᠭᠤᠯᠢ ᠳᠤ ᠰᠦᠯᠵᠢᠶᠡᠨ ᠤ ᠵᠢᠭᠠᠨ ᠰᠤᠷᠭᠠᠯᠲᠠ ᠶᠢ ᠦᠷᠭᠦᠯᠵᠢᠯᠡᠨ ᠥᠷᠨᠢᠭᠦᠯᠵᠦ᠂ ᠬᠡᠦᠬᠡᠳ ᠤᠨ ᠴᠡᠴᠡᠷᠯᠢᠭ ᠤᠨ ᠬᠢᠴᠢᠶᠡᠯ ᠡᠭᠢᠯᠡᠭᠦ ᠶᠢ ᠲᠦᠷ ᠬᠤᠶᠢᠰᠢᠯᠠᠭᠤᠯᠤᠨ᠎ᠠ᠃      6. ᠪᠤᠰᠤᠳ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠳᠤ ᠭᠦᠭᠡᠬᠤᠲᠠ ᠶᠢᠨ ᠺᠣᠳ᠋ ᠪᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠳᠠᠭᠢᠵᠤ ᠪᠠᠶᠢᠴᠠᠭᠠᠨ ᠰᠢᠯᠭᠠᠬᠤ ᠦᠭᠡᠢ᠂ ᠭᠡᠪᠡᠴᠦ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠬᠥᠮᠥᠨ ᠬᠠᠷ᠎ᠠ ᠤᠯᠠᠨ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠢ᠃ ᠬᠤᠳᠠᠯᠳᠤᠭᠠᠨ ᠤ ᠲᠠᠯᠠᠪᠤᠷ ᠭᠡᠲᠦ ᠳᠡᠯᠭᠡᠭᠦᠷ᠂ ᠲᠦᠷᠭᠡᠨ ᠬᠦᠷᠭᠡᠯᠲᠡ᠂ ᠵᠠᠬᠢᠶᠠᠯᠠᠭ᠎ᠠ ᠶᠢᠨ ᠬᠤᠭᠤᠯᠠ ᠵᠡᠷᠭᠡ ᠬᠥᠮᠥᠨ ᠣᠯᠠᠨᠲᠠᠢ ᠣᠷᠴᠢᠨ ᠳᠤ ᠪᠠᠶᠢᠭ᠎ᠠ ᠪᠥᠭᠡᠳ ᠣᠷᠣᠨ ᠵᠠᠢ ᠣᠯᠠᠨᠲᠠ ᠰᠢᠯᠵᠢᠳᠡᠭ ᠥᠨᠳᠥᠷ ᠲᠦᠭᠰᠢᠭᠦᠷᠢᠲᠡᠢ ᠠᠵᠢᠯ ᠤᠨ ᠪᠠᠶᠢᠷᠢ ᠳᠤ ᠠᠵᠢᠯᠯᠠᠳᠠᠭ ᠬᠥᠮᠥᠰ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃      7. ᠴᠢᠬᠤᠯᠠ ᠪᠠᠶᠢᠭᠤᠯᠭ᠎ᠠ᠂ ᠲᠣᠮᠣ ᠭᠡᠯᠪᠡᠷᠢ ᠶᠢᠨ ᠠᠵᠤ ᠠᠬᠤᠶᠢᠯᠠᠯ ᠵᠢᠴᠢ ᠣᠨᠴᠠ ᠲᠣᠭᠲᠠᠭᠠᠭᠰᠠᠨ ᠲᠠᠯᠠᠪᠤᠷ ᠭᠠᠵᠠᠷ ᠲᠤ ᠬᠠᠷᠢᠶ᠎ᠠ ᠭᠠᠵᠠᠷ ᠪᠠ ᠠᠵᠤ ᠠᠬᠤᠶᠢᠯᠠᠯ  ᠠᠴᠠ ᠥᠪᠡᠰᠦᠪᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠲᠣᠭᠲᠠᠭᠠᠨ᠎ᠠ᠃      8. ᠭᠠᠵᠠᠷ ᠣᠷᠣᠨ ᠠᠯᠤᠰᠯᠠᠨ ᠶᠠᠪᠤᠵᠤ ᠰᠠᠭᠤᠬᠤ ᠬᠥᠮᠥᠰ ᠤᠨ ᠭᠦᠭᠡᠬᠤᠲᠠ ᠶᠢᠨ ᠺᠣᠳ᠋ ᠪᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠳᠠᠭᠢᠵᠤ ᠪᠠᠶᠢᠴᠠᠭᠠᠨ ᠰᠢᠯᠭᠠᠬᠤ ᠦᠭᠡᠢ᠂ ᠭᠦᠷᠦᠭᠰᠡᠨ ᠭᠠᠵᠠᠷ ᠲᠤ ᠨᠢ ᠪᠥᠭᠡᠮ ᠬᠦᠴᠢᠯ ᠤᠨ ᠪᠠᠶᠢᠴᠠᠭᠠᠯᠲᠠ ᠳᠠᠭᠢᠵᠤ ᠬᠢᠬᠦ ᠦᠭᠡᠢ᠃      9. ᠣᠯᠠᠨ ᠲᠦᠮᠡᠨ ᠤ ᠡᠮ ᠬᠤᠳᠠᠯᠳᠤᠨ ᠠᠪᠬᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠡᠯ᠎ᠡ ᠭᠠᠵᠠᠷ ᠣᠷᠣᠨ ᠡᠮ ᠤᠨ ᠵᠦᠢᠯᠡᠰ ᠤᠨ ᠬᠠᠩᠭᠠᠯᠭ᠎ᠠ ᠨᠥᠭᠡᠴᠡᠯᠡᠯᠲᠡ ᠶᠢ ᠰᠠᠶᠢᠲᠤᠷ ᠬᠢᠵᠦ᠂ ᠡᠮ ᠤᠨ ᠳᠡᠯᠭᠡᠭᠦᠷ ᠤᠨ ᠬᠡᠪ ᠤᠨ ᠡᠵᠡᠩᠨᠡᠯᠲᠡ ᠶᠢ ᠪᠠᠲᠤᠯᠠᠬᠤ ᠬᠡᠷᠡᠭᠲᠡᠢ᠂ ᠡᠮ ᠤᠨ ᠳᠡᠯᠭᠡᠭᠦᠷ ᠢ ᠳᠤᠷ᠎ᠠ ᠪᠠᠷ ᠢᠶᠠᠨ ᠬᠠᠭᠠᠵᠤ ᠵᠣᠭᠰᠣᠭᠠᠵᠤ ᠪᠤᠯᠬᠤ ᠦᠭᠡᠢ᠃ ᠰᠠᠭᠤᠭᠠᠯᠢ ᠠᠷᠠᠳ ᠰᠦᠯᠵᠢᠶᠡᠨ ᠤ ᠲᠠᠪᠴᠠᠩ ᠪᠤᠶᠤ ᠡᠮ ᠤᠨ ᠳᠡᠯᠭᠡᠭᠦᠷ ᠠᠴᠠ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠤᠭᠠᠬᠤ᠂ ᠬᠠᠯᠳᠠᠪᠤᠷᠢᠯᠠᠯ ᠢ ᠡᠰᠡᠷᠭᠦᠴᠡᠬᠦ᠂ ᠬᠢᠮᠤᠷᠠᠭ᠎ᠠ ᠶᠢ ᠵᠠᠰᠠᠬᠤ ᠵᠡᠷᠭᠡ ᠵᠣᠷ ᠤᠨ ᠪᠤᠰᠤ ᠡᠮ ᠬᠤᠳᠠᠯᠳᠤᠨ ᠠᠪᠬᠤ ᠳᠤ ᠭᠦᠭᠡᠬᠤᠲᠠ ᠶᠢᠨ ᠺᠣᠳ᠋ ᠪᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠳᠠᠭᠢᠵᠤ ᠪᠠᠶᠢᠴᠠᠭᠠᠨ ᠰᠢᠯᠭᠠᠬᠤ ᠦᠭᠡᠢ᠂ ᠦᠨᠡᠨ ᠨᠡᠷ᠎ᠡ ᠪᠠᠷ ᠳᠠᠩᠰᠠᠯᠠᠭᠤᠯᠬᠤ ᠴᠢᠬᠤᠯᠠ ᠦᠭᠡᠢ᠃      10. ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠲᠦᠷᠭᠡᠳᠬᠡᠨ ᠠᠬᠢᠭᠤᠯᠤᠨ᠎ᠠ᠃ ᠭᠥᠯᠢᠶᠡᠨ ᠠᠪᠬᠤ ᠶᠣᠰᠣᠲᠠᠢ ᠶᠢ ᠨᠢ ᠴᠥᠮ ᠭᠥᠯᠢᠶᠡᠨ ᠠᠪᠬᠤ ᠵᠠᠷᠴᠢᠮ ᠢ ᠪᠠᠷᠢᠮᠲᠠᠯᠠᠵᠤ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠰᠠᠶᠢᠲᠤᠷ ᠬᠢᠵᠦ᠂ 60 - 79 ᠨᠠᠰᠤᠨ ᠤ ᠬᠥᠮᠥᠰ ᠤᠨ ᠲᠠᠷᠢᠯᠭ᠎ᠠ ᠬᠢᠬᠦ ᠨᠤᠷᠮ᠎ᠠ ᠶᠢ ᠳᠡᠭᠡᠭᠰᠢᠯᠡᠭᠦᠯᠵᠦ᠂ 80 ᠨᠠᠰᠤ ᠵᠢᠴᠢ 80 ᠨᠠᠰᠤᠨ ᠠᠴᠠ ᠳᠡᠭᠡᠭᠰᠢᠬᠢ ᠬᠥᠮᠥᠰ ᠤᠨ ᠲᠠᠷᠢᠯᠭ᠎ᠠ ᠬᠢᠬᠦ ᠨᠤᠷᠮ᠎ᠠ ᠶᠢ ᠲᠦᠷᠭᠡᠪᠴᠢᠯᠡᠨ ᠳᠡᠭᠡᠭᠰᠢᠯᠡᠭᠦᠯᠦᠨ᠎ᠡ᠃ ᠨᠠᠰᠤᠲᠠᠶᠢᠴᠤᠳ ᠤᠨ ᠰᠠᠭᠠᠳ ᠦᠭᠡᠢ ᠨᠡᠪᠲᠡᠷᠡᠬᠦ ᠵᠠᠮ᠂ ᠲᠦᠷ ᠴᠠᠭ ᠤᠨ ᠲᠠᠷᠢᠯᠭ᠎ᠠ ᠶᠢᠨ ᠴᠡᠭ᠂ ᠨᠡᠭᠦᠳᠡᠯ ᠲᠠᠷᠢᠯᠭ᠎ᠠ ᠶᠢᠨ ᠲᠡᠷᠭᠡ᠂ ᠭᠡᠷ ᠲᠤᠨᠢ ᠬᠦᠷᠴᠦ ᠲᠠᠷᠢᠯᠭ᠎ᠠ ᠬᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠲᠠᠷᠢᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠤᠬᠠᠭᠤᠯᠤᠨ ᠯᠠᠪᠯᠠᠬᠤ ᠠᠵᠢᠯ ᠢ ᠰᠠᠶᠢᠲᠤᠷ ᠬᠢᠵᠦ᠂ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠢᠳᠡᠪᠬᠢᠵᠢᠯ ᠢ ᠳᠠᠶᠢᠴᠢᠯᠠᠨ᠎ᠠ᠃      11. ᠭᠤᠣᠯᠳᠠᠯᠭ᠎ᠠ ᠲᠠᠢ ᠬᠥᠮᠥᠰ ᠤᠨ ᠡᠷᠡᠭᠦᠯ ᠮᠡᠨᠳᠦ ᠶᠢᠨ ᠪᠠᠶᠢᠳᠠᠯ ᠢ ᠣᠶᠢᠯᠠᠭᠠᠬᠤ ᠵᠢᠴᠢ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠨ᠎ᠠ᠃ ᠨᠡᠶᠢᠭᠡᠮ ᠲᠣᠭᠤᠷᠢᠭ ᠪᠣᠯᠣᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠳᠦᠯ ᠢ ᠦᠨᠡᠨ  ᠬᠦ ᠪᠠᠳᠠᠷᠠᠭᠤᠯᠵᠤ᠂ ᠬᠠᠷᠢᠶ᠎ᠠ ᠣᠷᠣᠨ ᠤ ᠵᠢᠷᠮᠦᠰᠦᠨ ᠪᠦᠰᠡᠭᠦᠢ᠂ ᠬᠠᠪᠤᠳᠠᠷ ᠤᠨ ᠡᠪᠡᠳᠴᠢᠨ᠂ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ᠂ ᠤᠳᠠᠭᠠᠨ ᠴᠢᠨᠠᠷᠲᠠᠢ ᠠᠭᠤᠰᠬᠢᠨ ᠡᠪᠡᠳᠴᠢᠨ᠂ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠢ ᠪᠥᠭᠡᠷᠡᠨ ᠡᠪᠡᠳᠴᠢᠨ ᠲᠠᠢ ᠬᠥᠮᠥᠰ᠂ ᠡᠭᠡᠯᠢᠯᠡᠭᠡ ᠶᠢᠨ ᠴᠢᠳᠠᠮᠵᠢ ᠳᠤᠲᠠᠮᠠᠭ ᠵᠡᠷᠭᠡ ᠡᠪᠡᠳᠴᠢᠨ ᠲᠠᠢ ᠨᠠᠰᠤᠲᠠᠶᠢᠴᠤᠳ ᠵᠢᠴᠢ ᠣᠷᠳᠣ ᠬᠤᠭᠤᠴᠠᠭ᠎ᠠ ᠪᠠᠷ ᠬᠡᠪᠲᠡᠷᠢ ᠳᠤ ᠣᠷᠣᠵᠤ ᠤᠬᠠᠭᠠᠨ ᠴᠢᠳᠠᠪᠤᠷᠢ ᠪᠠᠨ ᠠᠯᠳᠠᠭᠰᠠᠨ ᠬᠥᠮᠥᠰ ᠤᠨ ᠰᠠᠭᠤᠷᠢ ᠲᠤᠭ᠎ᠠ ᠵᠢᠴᠢ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠲᠣᠳᠣᠷᠬᠠᠢ ᠣᠶᠢᠯᠠᠭᠠᠵᠤ᠂ ᠭᠤᠣᠯᠳᠠᠯᠭ᠎ᠠ ᠲᠠᠢ ᠬᠥᠮᠥᠰ ᠤᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ᠂ ᠡᠷᠡᠭᠦᠯ ᠮᠡᠨᠳᠦ ᠶᠢᠨ ᠡᠮ ᠬᠡᠷᠡᠭᠯᠡᠬᠦ ᠵᠢᠯᠣᠭᠤᠳᠤᠯᠭ᠎ᠠ ᠶᠢ ᠴᠢᠩᠭᠠᠳᠬᠠᠨ᠂ ᠲᠠᠰ ᠲᠥᠷᠥᠯ ᠬᠤᠪᠢᠶᠠᠨ ᠦᠢᠯᠡᠴᠢᠯᠡᠭᠡ ᠬᠠᠩᠭᠠᠨ᠎ᠠ᠃      12. ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠭᠦ᠂ ᠠᠶᠤᠯ  ᠠᠴᠠ ᠪᠠᠴᠢᠮ ᠵᠠᠶᠢᠯᠠᠬᠤ ᠵᠡᠷᠭᠡ ᠭᠠᠳᠠᠭᠰᠢ ᠭᠠᠷᠬᠤ ᠵᠠᠮ ᠮᠥᠷ ᠤᠨ ᠰᠠᠭᠠᠳ ᠦᠭᠡᠢ ᠨᠡᠪᠲᠡᠷᠡᠬᠦ ᠶᠢ ᠦᠨᠡᠨ  ᠬᠦ ᠪᠠᠲᠤᠯᠠᠬᠤ ᠬᠡᠷᠡᠭᠲᠡᠢ᠃ ᠨᠡᠶᠢᠭᠡᠮ ᠲᠣᠭᠤᠷᠢᠭ ᠬᠢᠭᠡᠳ ᠲᠤᠰᠬᠠᠢ ᠡᠮᠴᠢᠯᠡᠭᠡᠨ ᠤ ᠪᠠᠶᠢᠭᠤᠯᠤᠮᠵᠢ ᠶᠢ ᠵᠣᠯᠭᠠᠭᠤᠯᠬᠤ ᠲᠣᠭᠲᠠᠴᠠ ᠶᠢ ᠠᠬᠢᠭᠤᠯᠵᠤ᠂ ᠭᠠᠭᠴᠠᠭᠠᠷ ᠰᠠᠭᠤᠭ᠎ᠠ ᠨᠠᠰᠤᠲᠠᠨ᠂ ᠨᠠᠰᠤᠨ ᠳᠤ ᠥᠯᠥ ᠭᠦᠷᠦᠭᠰᠡᠳ᠂ ᠵᠢᠷᠮᠦᠰᠦᠨ ᠪᠠ ᠬᠥᠩᠭᠡᠵᠢᠭᠰᠡᠨ ᠪᠦᠰᠡᠭᠦᠢ᠂ ᠵᠡᠮᠳᠡᠭᠴᠦᠳ᠂ ᠤᠳᠠᠭᠠᠨ ᠴᠢᠨᠠᠷᠲᠠᠢ ᠡᠪᠡᠳᠴᠢᠲᠡᠨ ᠵᠡᠷᠭᠡ ᠬᠥᠮᠥᠰ ᠤᠨ ᠡᠪᠡᠳᠴᠢᠨ ᠦᠵᠡᠭᠦᠯᠭᠦ ᠳᠤ ᠲᠥᠭᠦᠮ ᠦᠵᠡᠭᠦᠯᠦᠨ᠎ᠡ᠃ ᠪᠢᠲᠡᠭᠦᠮᠵᠢᠯᠡᠨ ᠡᠵᠡᠮᠳᠡᠬᠦ ᠬᠥᠮᠥᠰ᠂ ᠡᠪᠡᠳᠴᠢᠲᠡᠨ ᠪᠠ ᠡᠮᠦᠨ᠎ᠡ ᠹᠷᠣᠨᠲ ᠤᠨ ᠠᠵᠢᠯᠲᠠᠨ ᠵᠡᠷᠭᠡ ᠶᠢ ᠬᠠᠯᠠᠮᠵᠢᠯᠠᠨ ᠬᠠᠶᠢᠷᠠᠯᠠᠬᠤ ᠪᠠ ᠰᠡᠳᠬᠢᠴᠡ ᠶᠢᠨ ᠲᠠᠯ᠎ᠠ ᠪᠠᠷ ᠵᠢᠭᠠᠨ ᠵᠢᠯᠤᠭᠤᠳᠬᠤ ᠶᠢ ᠴᠢᠩᠭᠠᠳᠬᠠᠨ᠎ᠠ᠃      13. ᠡᠮᠴᠢᠯᠡᠭᠡᠨ ᠤ ᠡᠬᠢ ᠪᠠᠶᠠᠯᠢᠭ ᠢ ᠨᠥᠭᠡᠴᠡᠯᠡᠬᠦ ᠠᠵᠢᠯ ᠢ ᠰᠠᠶᠢᠲᠤᠷ ᠬᠢᠨ᠎ᠡ᠃ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ᠂ ᠬᠠᠯᠳᠠᠪᠤᠷᠢᠯᠠᠭᠰᠠᠳ ᠢ ᠠᠪᠤᠷᠠᠨ ᠵᠠᠰᠠᠬᠤ᠂ ᠡᠩ ᠤᠨ ᠡᠮᠴᠢᠯᠡᠭᠡᠨ ᠤ ᠦᠢᠯᠡᠴᠢᠯᠡᠭᠡ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃      14. ᠨᠡᠶᠢᠭᠡᠮ ᠤᠨ ᠬᠡᠪ ᠤᠨ ᠠᠵᠢᠯᠯᠠᠭ᠎ᠠ ᠢ ᠪᠠᠲᠤᠯᠠᠨ᠎ᠠ᠃ ᠥᠨᠳᠥᠷ ᠲᠦᠭᠰᠢᠭᠦᠷᠢᠲᠡᠢ ᠣᠷᠣᠨ ᠪᠦᠰᠡ ᠠᠴᠠ ᠭᠠᠳᠠᠨ᠎ᠠ ᠬᠥᠮᠥᠰ ᠤᠨ ᠶᠠᠪᠤᠵᠤ ᠰᠠᠭᠤᠬᠤ ᠶᠢ ᠬᠢᠵᠠᠭᠠᠷᠯᠠᠵᠤ ᠪᠤᠯᠬᠤ ᠦᠭᠡᠢ᠂ ᠠᠵᠢᠯ ᠢ ᠵᠣᠭᠰᠣᠭᠠᠵᠤ᠂ ᠦᠢᠯᠡᠳᠪᠦᠷᠢᠯᠡᠯ ᠢ ᠵᠣᠭᠰᠣᠭᠠᠵᠤ᠂ ᠡᠵᠡᠭᠨᠡᠯᠳᠡ ᠶᠢ ᠵᠣᠭᠰᠣᠭᠠᠵᠤ ᠪᠤᠯᠬᠤ ᠦᠭᠡᠢ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠠᠵᠢᠯ ᠤᠨ ᠡᠮᠬᠢ ᠳᠢᠭᠯᠢᠮ ᠢ ᠴᠢᠳᠠᠬᠤ ᠶᠢᠨ ᠬᠢᠷᠢ ᠪᠠᠷ ᠬᠠᠮᠠᠭᠠᠯᠠᠵᠤ᠂ ᠣᠯᠠᠨ ᠲᠦᠮᠡᠨ ᠤ ᠳᠤᠷᠠᠳᠤᠭᠰᠠᠨ ᠪᠠᠴᠢᠮᠳᠠᠵᠤ ᠲᠦᠪᠡᠭᠳᠡᠵᠦ ᠵᠣᠪᠠᠨᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠬᠤᠭᠤᠴᠠᠭᠠᠨ ᠳᠠᠬᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠬᠠᠩᠭᠠᠬᠤ ᠬᠡᠷᠡᠭᠲᠡᠢ᠃                            ᠭᠦᠭᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ                            ᠪᠠᠶᠢᠳᠠᠯ ᠢ ᠰᠡᠷᠭᠡᠶᠢᠯᠡᠨ  ᠡᠵᠡᠮᠳᠡᠬᠦ  ᠠᠵᠢᠯ  ᠤᠨ  ᠵᠢᠯᠤᠭᠤᠳᠬᠤ  ᠭᠠᠵᠠᠷ                                                 2022 ᠣᠨ ᠤ 12 ᠰᠠᠷ᠎ᠠ ᠶᠢᠨ 9 ᠤ ᠡᠳᠦᠷ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ