ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠭᠠᠳᠠᠨᠠᠬᠢ ᠵᠢᠭᠠᠨ ᠰᠤᠷᠭᠠᠯᠲᠠ  ᠶᠢᠨ ᠠᠵᠢᠯ ᠢ ᠡᠮᠬᠢ ᠵᠢᠷᠤᠮ ᠲᠠᠢ ᠰᠡᠷᠭᠦᠭᠡᠬᠦ ᠲᠤᠬᠠᠢ ᠮᠡᠳᠡᠭᠳᠡᠯ ᠪᠠᠭᠤᠯᠭᠠᠪᠠ
ᠨᠡᠶᠢᠲᠡᠯᠡᠭᠰᠡᠨ ᠴᠠᠭ᠄
2022/12/11
      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠰᠢᠯᠢᠳᠡᠭᠵᠢᠭᠦᠯᠬᠦ ᠱᠠᠭᠠᠷᠳᠠᠯᠭ᠎ᠠ ᠶᠢ ᠦᠨᠳᠦᠰᠦᠯᠡᠨ᠂ ᠪᠦᠭᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠳᠤ ᠪᠠᠨ ᠪᠤᠴᠠᠵᠤ ᠬᠢᠴᠢᠶᠡᠯ ᠰᠡᠷᠭᠦᠭᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠭᠠᠳᠠᠨᠠᠬᠢ ᠵᠢᠭᠠᠨ ᠰᠤᠷᠭᠠᠯᠲᠠ ᠶᠢᠨ ᠠᠵᠢᠯ ᠢ ᠡᠮᠬᠢ ᠵᠢᠷᠤᠮ ᠲᠠᠢ ᠪᠠᠷ ᠰᠡᠷᠭᠦᠭᠡᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠠᠢ᠂ ᠪᠣᠳᠠᠲᠠᠢ ᠠᠭᠤᠯᠭ᠎ᠠ ᠨᠢ᠄      ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠦᠯᠦᠭ ᠬᠤᠪᠢᠶᠠᠨ ᠡᠮᠬᠢ ᠵᠢᠷᠤᠮ ᠲᠠᠢ ᠪᠠᠷ ᠬᠢᠴᠢᠶᠡᠯ ᠰᠤᠷᠤᠯᠭ᠎ᠠ ᠶᠢ ᠰᠡᠷᠭᠦᠭᠡᠨ᠎ᠡ᠃ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠬᠢᠵᠢᠭ ᠤᠨ ᠪᠠᠶᠢᠳᠠᠯ ᠲᠠᠢ ᠰᠤᠷᠭᠠᠭᠤᠯᠢ ᠨᠤᠭᠤᠳ ᠲᠦᠭᠰᠢᠭᠦᠷᠢᠲᠡᠢ ᠣᠷᠣᠨ ᠪᠦᠰᠡ ᠶᠢ ᠨᠠᠷᠢᠯᠢᠭ ᠣᠨᠣᠴᠠᠲᠠᠢ ᠪᠠᠷ  ᠵᠠᠭᠠᠭᠯᠠᠨ ᠲᠣᠭᠲᠠᠭᠠᠵᠤ᠂ ᠲᠦᠭᠰᠢᠭᠦᠷᠢᠲᠡᠢ ᠣᠷᠣᠨ ᠪᠦᠰᠡ ᠠᠴᠠ ᠭᠠᠳᠠᠨ᠎ᠠ ᠮᠥᠨ ᠬᠦ ᠬᠡᠪ ᠤᠨ ᠵᠢᠭᠠᠨ ᠰᠤᠷᠭᠠᠯᠲᠠ᠂ ᠠᠮᠢᠳᠤᠷᠠᠯ ᠵᠡᠷᠭᠡ ᠶᠢᠨ ᠡᠮᠬᠢ ᠵᠢᠷᠤᠮ ᠢ ᠪᠠᠲᠤᠯᠠᠬᠤ︾ ᠵᠠᠷᠴᠢᠮ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠬᠠᠷᠢᠶ᠎ᠠ ᠣᠷᠣᠨ ᠳᠠᠬᠢ ᠳᠤᠮᠳᠠᠳᠤ ᠪᠠᠭ᠎ᠠ ᠰᠤᠷᠭᠠᠭᠤᠯᠢ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢᠭᠠᠨ ᠰᠤᠷᠭᠠᠯᠲᠠ ᠶᠢᠨ ᠰᠣᠯᠪᠢᠴᠠᠨ ᠬᠡᠷᠡᠭᠵᠢᠭᠦᠯᠬᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠬᠡᠪ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠳᠤ ᠦᠵᠡᠭᠦᠯᠭᠦ ᠬᠢᠵᠢᠭ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠰᠦᠯᠵᠢᠶᠡᠨ ᠭᠠᠳᠠᠨᠠᠬᠢ ᠵᠢᠭᠠᠨ ᠰᠤᠷᠭᠠᠯᠲᠠ ᠶᠢ ᠰᠡᠷᠭᠦᠭᠡᠬᠦ ᠠᠵᠢᠯ ᠤᠨ ᠲᠥᠰᠥᠯ ᠢ ᠰᠤᠳᠤᠯᠤᠨ ᠲᠣᠭᠲᠠᠭᠠᠵᠤ᠂ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ︽ᠪᠦᠯᠦᠭ ᠬᠤᠪᠢᠶᠠᠨ ᠡᠮᠬᠢ ᠵᠢᠷᠤᠮ ᠲᠠᠢ᠂ ᠰᠤᠷᠤᠬᠴᠢᠳ ᠰᠠᠶᠢᠨ ᠳᠤᠷ᠎ᠠ ᠠᠴᠠ ᠪᠠᠨ᠂ ᠠᠮᠤᠷ ᠲᠦᠪᠰᠢᠨ ᠲᠣᠭᠲᠠᠭᠤᠨ ᠪᠠᠶᠢᠬᠤ︾ ᠵᠠᠷᠴᠢᠮ ᠶᠣᠰᠣᠭᠠᠷ᠂ ᠴᠠᠭ ᠵᠥᠷᠢᠭᠦᠯᠬᠦ᠂ ᠣᠷᠭᠢᠯ ᠦᠶ᠎ᠡ ᠶᠢ ᠵᠥᠷᠢᠭᠦᠯᠬᠦ᠂ ᠲᠠᠰ ᠳᠠᠪᠬᠤᠷᠭ᠎ᠠ ᠵᠥᠷᠢᠭᠦᠯᠬᠦ ᠠᠷᠭ᠎ᠠ ᠪᠠᠷ ᠲᠡᠭᠦᠰᠬᠦ ᠣᠨ ᠤ ᠰᠤᠷᠤᠬᠴᠢᠳ ᠢ ᠤᠷᠢᠳᠠᠪᠠᠷ ᠲᠣᠬᠢᠷᠠᠭᠤᠯᠤᠨ ᠰᠦᠯᠵᠢᠶᠡᠨ ᠭᠠᠳᠠᠨᠠᠬᠢ ᠵᠢᠭᠠᠨ ᠰᠤᠷᠭᠠᠯᠲᠠ ᠶᠢ ᠰᠡᠷᠭᠦᠭᠡᠬᠦ ᠬᠡᠷᠡᠭᠲᠡᠢ᠃ ᠬᠡᠦᠬᠡᠳ ᠤᠨ ᠴᠡᠴᠡᠷᠯᠢᠭ ᠤᠨ ᠴᠡᠴᠡᠷᠯᠢᠭ ᠲᠤ ᠪᠤᠴᠠᠬᠤ ᠴᠠᠭ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠰᠦᠯᠵᠢᠶᠡᠨ ᠭᠠᠳᠠᠨᠠᠬᠢ ᠵᠢᠭᠠᠨ ᠰᠤᠷᠭᠠᠯᠲᠠ ᠶᠢ ᠰᠡᠷᠭᠦᠭᠡᠬᠦ ᠴᠠᠭ ᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ ᠰᠤᠳᠤᠯᠤᠨ ᠮᠠᠭᠠᠳᠯᠠᠵᠤ ᠲᠣᠭᠲᠠᠭᠠᠬᠤ ᠬᠡᠷᠡᠭᠲᠡᠢ᠃      ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠰᠦᠯᠵᠢᠶᠡᠨ ᠭᠠᠳᠠᠨᠠᠬᠢ ᠵᠢᠭᠠᠨ ᠰᠤᠷᠭᠠᠯᠲᠠ ᠶᠢ ᠰᠡᠷᠭᠦᠭᠡᠬᠦ ᠡᠯ᠎ᠡ ᠵᠦᠢᠯ ᠤᠨ ᠪᠡᠯᠡᠳᠬᠡᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠤᠯᠤᠰ ᠲᠥᠷᠥ ᠬᠠᠤᠯᠢ ᠴᠠᠭᠠᠵᠠ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠲᠣᠭᠤᠷᠢᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠲᠠᠢ ᠬᠠᠮᠲᠤᠷᠠᠨ᠂ ᠬᠢᠨᠠᠨ ᠰᠢᠯᠭᠠᠬᠤ ᠠᠵᠢᠯ ᠤᠨ ᠳᠤᠭᠤᠶᠢᠯᠠᠩ ᠢ ᠪᠦᠷᠢᠯᠳᠦᠭᠦᠯᠵᠦ᠂ ᠬᠢᠴᠢᠶᠡᠯ ᠰᠡᠷᠭᠦᠭᠡᠬᠦ ᠠᠴᠠ ᠡᠮᠦᠨ᠎ᠡ ᠰᠤᠷᠭᠠᠭᠤᠯᠢ ᠳᠤ ᠬᠦᠷᠴᠦ ᠨᠢᠭᠡᠳ ᠨᠢᠭᠡ ᠪᠠᠷ ᠨᠥᠬᠦᠴᠡᠯ ᠢ ᠨᠢ ᠬᠢᠨᠠᠨ ᠰᠢᠯᠭᠠᠬᠤ ᠪᠠ ᠰᠢᠮᠳᠠᠭᠤᠯᠤᠨ ᠪᠠᠶᠢᠴᠠᠭᠠᠬᠤ ᠬᠡᠷᠡᠭᠲᠡᠢ᠃ ᠡᠯ᠎ᠡ ᠰᠤᠷᠭᠠᠭᠤᠯᠢ ᠨᠤᠭᠤᠳ ᠪᠠᠭᠰᠢ ᠰᠤᠷᠤᠬᠴᠢ ᠠᠵᠢᠯᠲᠠᠨ ᠠᠵᠢᠯᠴᠢᠨ ᠵᠢᠴᠢ ᠬᠠᠮᠲᠤ ᠠᠮᠢᠳᠤᠷᠠᠵᠤ ᠪᠠᠶᠢᠭ᠎ᠠ ᠬᠥᠮᠥᠰ ᠤᠨ ᠡᠷᠡᠭᠦᠯ ᠴᠢᠭᠢᠷᠠᠭ ᠤᠨ ᠪᠠᠶᠢᠳᠠᠯ ᠢ ᠣᠶᠢᠯᠠᠭᠠᠬᠤ ᠬᠡᠷᠡᠭᠲᠡᠢ᠃ ᠰᠤᠷᠭᠠᠭᠤᠯᠢ ᠳᠤ ᠪᠠᠨ ᠪᠤᠴᠠᠬᠤ ᠪᠠᠭᠰᠢ ᠰᠣᠷᠣᠬᠴᠢ ᠠᠵᠢᠯᠲᠠᠨ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠵᠢᠴᠢ ᠡᠷᠡᠭᠦᠯ ᠮᠡᠨᠳᠦ ᠶᠢᠨ ᠺᠣᠳ᠋ ︵ᠨᠣᠭᠤᠭᠠᠨ ᠥᠩᠭᠡ ᠲᠠᠢ︶ ᠢᠶᠠᠨ ᠦᠵᠡᠭᠦᠯᠵᠦ᠂ ᠰᠤᠷᠭᠠᠭᠤᠯᠢ ᠶᠢᠨ ᠬᠦᠷᠢᠶᠡᠨ ᠳᠤ ᠣᠷᠣᠨ᠎ᠠ᠃ ᠡᠯ᠎ᠡ ᠭᠠᠵᠠᠷ ᠤᠨ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ ᠪᠣᠯᠣᠨ ᠰᠢᠯᠢᠳᠡᠭᠵᠢᠭᠦᠯᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠣᠰ ᠭᠠᠵᠠᠷ ᠣᠷᠣᠨ ᠵᠢᠴᠢ ᠲᠣᠰ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠢ᠃      ᠪᠠᠲᠤᠯᠠᠭ᠎ᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠬᠡᠪ ᠤᠨ ᠬᠠᠮᠢᠶᠠᠷᠤᠯᠲᠠ ᠶᠢ ᠰᠠᠶᠢᠲᠤᠷ ᠬᠢᠨ᠎ᠡ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠰᠤᠷᠭᠠᠭᠤᠯᠢ ᠶᠢ ᠵᠢᠭᠠᠨ ᠵᠢᠯᠤᠭᠤᠳᠴᠤ ᠪᠠᠶᠢᠭᠠᠳ ᠬᠢᠴᠢᠶᠡᠯ ᠲᠣᠬᠢᠷᠠᠭᠤᠯᠬᠤ᠂ ᠵᠢᠭᠠᠨ ᠰᠤᠷᠭᠠᠬᠤ ᠲᠥᠯᠥᠪᠯᠡᠭᠡ᠂ ᠠᠩᠭᠢ ᠶᠢᠨ ᠠᠵᠢᠯ ᠤᠨ ᠲᠥᠯᠥᠪᠯᠡᠭᠡ ᠶᠢ ᠨᠢ ᠤᠷᠢᠳᠴᠢᠯᠠᠨ ᠰᠠᠶᠢᠲᠤᠷ ᠭᠢᠯᠭᠡᠵᠦ᠂ ᠠᠵᠢᠯ ᠤᠨ ᠪᠠᠶᠢᠷᠢ ᠳᠤ ᠴᠠᠭ ᠲᠠᠭᠠᠨ ᠪᠤᠴᠠᠵᠤ ᠳᠡᠶᠢᠯᠭᠦ ᠦᠭᠡᠢ ᠪᠠᠭᠰᠢ ᠨᠠᠷ ᠢ ᠪᠤᠰᠤᠳ ᠪᠠᠭᠰᠢ ᠨᠠᠷ ᠣᠷᠣᠯᠠᠨ ᠬᠢᠴᠢᠶᠡᠯᠯᠡᠬᠦ ᠪᠠᠷ ᠲᠣᠬᠢᠷᠠᠭᠤᠯᠵᠤ᠂ ᠬᠢᠴᠢᠶᠡᠯ ᠢ ᠭᠦᠢᠴᠡᠳ ᠪᠥᠭᠡᠳ ᠪᠦᠷᠢᠨ ᠣᠷᠣᠬᠤ ᠶᠢ ᠨᠢ ᠪᠠᠲᠤᠯᠠᠬᠤ ᠬᠡᠷᠡᠭᠲᠡᠢ᠃ ᠰᠤᠷᠭᠠᠭᠤᠯᠢ ᠨᠤᠭᠤᠳ ᠠᠮᠠᠪᠴᠢ᠂ ᠭᠠᠷ ᠤᠬᠢᠶᠠᠬᠤ ᠰᠢᠩᠭᠡᠨ᠂ ᠪᠡᠶ᠎ᠡ ᠶᠢᠨ ᠬᠠᠯᠠᠭᠤᠨ ᠤ ᠬᠡᠮᠵᠢᠭᠦᠷ᠂ ᠠᠷᠢᠭᠤᠳᠬᠠᠬᠤ ᠡᠳ᠋ ᠵᠡᠷᠭᠡ ᠵᠠᠪᠠᠯ ᠪᠡᠯᠡᠳᠬᠡᠬᠦ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠭᠦᠢᠴᠡᠳ ᠪᠡᠯᠡᠳᠬᠡᠵᠦ᠂ ᠬᠠᠷᠢᠶ᠎ᠠ ᠭᠠᠵᠠᠷ ᠤᠨ ᠲᠥᠷᠥ ᠶᠢᠨ ᠪᠣᠳᠣᠯᠭ᠎ᠠ ᠶᠢ ᠦᠨᠳᠦᠰᠦᠯᠡᠨ ᠳᠤᠮᠳᠠᠳᠤ ᠪᠠᠭ᠎ᠠ ᠰᠤᠷᠭᠠᠭᠤᠯᠢ ᠪᠣᠯᠣᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠬᠠᠨᠳᠤᠭᠤᠯᠤᠭᠰᠠᠨ ᠪᠥᠭᠡᠮ ᠬᠦᠴᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠯᠲᠠ ᠲᠠᠢ ᠪᠠᠷ ᠥᠷᠨᠢᠭᠦᠯᠬᠦ ᠬᠡᠷᠡᠭᠲᠡᠢ᠃ ᠪᠠᠭᠰᠢ ᠰᠤᠷᠤᠬᠴᠢ ᠠᠵᠢᠯᠲᠠᠨ ᠢ ᠬᠥᠲᠥᠯᠥᠨ ᠵᠢᠯᠤᠭᠤᠳᠴᠤ ᠪᠠᠶᠢᠭᠠᠳ ︽ᠥᠪᠡᠷ ᠤᠨ ᠢᠶᠠᠨ ᠡᠷᠡᠭᠦᠯ ᠡᠩᠬᠡ ᠶᠢᠨ ᠨᠢᠭᠡᠳᠦᠭᠡᠷ ᠬᠠᠷᠢᠭᠤᠴᠠᠯᠭᠠᠲᠠᠨ︾ ᠪᠤᠯᠬᠤ ᠤᠬᠠᠮᠰᠠᠷ ᠢ  ᠪᠠᠲᠤ ᠪᠠᠬᠢ ᠪᠤᠢ ᠪᠤᠯᠭᠠᠵᠤ᠂ ᠡᠳᠦᠷ ᠪᠦᠷᠢ ᠶᠢᠨ ᠮᠡᠳᠡᠭᠦᠯᠦᠯᠲᠡ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠮᠠᠪᠴᠢ ᠵᠡᠭᠦᠭᠦ᠂ ᠭᠠᠷ ᠢᠶᠠᠨ ᠪᠠᠶᠢᠩᠭᠤ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠤᠭᠯᠠᠷᠠᠬᠤ ᠦᠭᠡᠢ ᠪᠠᠶᠢᠬᠤ ᠶᠢ ᠪᠠᠷᠢᠮᠲᠠᠯᠠᠵᠤ᠂ ᠵᠠᠷᠴᠢᠮ ᠳᠡᠭᠡᠷ᠎ᠡ ᠪᠠᠨ ︽ᠬᠤᠶᠠᠷ ᠴᠡᠭ ᠨᠢᠭᠡ ᠱᠤᠭᠤᠮ︾ ᠢᠶᠠᠷ ᠠᠵᠢᠯᠯᠠᠵᠤ ᠰᠤᠷᠤᠯᠴᠠᠬᠤ ᠶᠢ ᠪᠡᠶᠡᠯᠡᠭᠦᠯᠦᠨ᠎ᠡ᠃ ᠭᠡᠷ ᠤᠨ ᠠᠬᠠᠮᠠᠳ ᠨᠢ ᠬᠡᠦᠬᠡᠳ ᠲᠣᠰᠴᠤ ᠭᠦᠷᠭᠡᠭᠦ ᠳᠡᠭᠡᠨ ᠰᠤᠷᠭᠠᠭᠤᠯᠢ ᠶᠢᠨ ᠡᠭᠦᠳᠡᠨ ᠳᠤ ᠴᠤᠭᠯᠠᠷᠠᠬᠤ ᠦᠭᠡᠢ᠂ ᠠᠮᠠᠪᠴᠢ ᠪᠠᠨ ᠵᠢᠷᠤᠮ ᠶᠣᠰᠣᠭᠠᠷ ᠵᠡᠭᠦᠵᠦ᠂ ᠠᠮᠤᠷ ᠲᠦᠪᠰᠢᠨ ᠡᠮᠬᠢ ᠵᠢᠷᠤᠮ ᠲᠠᠢ ᠪᠠᠷ ᠲᠤᠰᠴᠤ ᠠᠪᠤᠩᠭᠤᠲᠠ ᠳᠠᠷᠤᠶᠢᠬᠠᠨ ᠶᠠᠪᠤᠵᠤ᠂ ᠬᠢᠵᠢᠭ ᠳᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠪᠠᠶᠢᠷᠢ ᠳᠤ ᠰᠠᠭᠤᠬᠤ ᠰᠤᠷᠤᠬᠴᠢᠳ ᠤᠨ ᠡᠷᠡᠭᠦᠯ ᠮᠡᠨᠳᠦ ᠶᠢᠨ ᠬᠠᠮᠠᠭᠠᠯᠠᠯᠲᠠ ᠶᠢ ᠴᠢᠩᠭᠠᠳᠬᠠᠵᠤ᠂ ᠵᠠᠷᠴᠢᠮ ᠳᠡᠭᠡᠷ᠎ᠡ ᠪᠠᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠰᠤᠷᠤᠬᠴᠢᠳ ᠤᠨ ᠰᠡᠳᠬᠢᠴᠡ ᠶᠢᠨ ᠪᠠᠶᠢᠳᠠᠯ ᠢ ᠨᠢᠭᠲᠠ ᠠᠩᠬᠠᠷᠴᠤ᠂ ᠰᠤᠷᠤᠬᠴᠢᠳ ᠤᠨ ᠵᠣᠪᠠᠨᠢᠯ ᠪᠤᠬᠢᠨᠢᠳᠤᠯ ᠰᠡᠵᠢᠭ ᠡᠷᠡᠭᠡᠯᠵᠡᠯ ᠢ ᠴᠠᠭ ᠲᠤᠬᠠᠢ ᠳᠤᠨᠢ ᠠᠩᠬᠠᠷᠴᠤ ᠬᠠᠯᠠᠮᠵᠢᠯᠠᠨ᠂ ᠰᠤᠷᠤᠬᠴᠢᠳ ᠤᠨ ᠰᠤᠷᠤᠯᠭ᠎ᠠ ᠪᠣᠯᠣᠨ ᠠᠮᠢᠳᠤᠷᠠᠯ ᠤᠨ ᠬᠦᠴᠢᠷᠳᠡᠯ ᠢ ᠢᠳᠡᠪᠬᠢᠲᠡᠢ ᠲᠣᠬᠢᠲᠠᠢ ᠰᠢᠢᠳᠪᠦᠷᠢᠯᠡᠬᠦ ᠬᠡᠷᠡᠭᠲᠡᠢ᠃      ᠳᠡᠭᠡᠷᠡᠬᠢ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ ᠤᠯᠤᠰ ᠤᠨ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠶᠢ ᠠᠵᠢᠨ ᠲᠣᠬᠢᠷᠠᠭᠤᠯᠤᠯᠲᠠ ᠬᠢᠨ᠎ᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ