ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠬᠥᠬᠡᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠠᠴᠠ ᠣᠶᠢᠯᠠᠭᠠᠭᠰᠠᠨ ᠢᠶᠠᠷ᠂ ᠬᠤᠲᠠ ᠶᠢᠨ ᠠᠷᠠᠳ ᠤᠨ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ 12 | ᠳ᠋ᠤᠭᠠᠷ ᠰᠠᠷ᠎ᠠ ᠶᠢᠨ 9 ᠤ ᠡᠳᠦᠷ ᠠᠴᠠ ᠡᠬᠢᠯᠡᠨ 27 ᠳ᠋ᠤᠭᠠᠷ ᠵᠠᠮ᠂ 56 ᠳ᠋ᠤᠭᠠᠷ ᠵᠠᠮ ᠤᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠤᠨ | ᠡᠵᠡᠩᠨᠡᠯᠲᠡ ᠶᠢ ᠰᠡᠷᠭᠦᠭᠡᠪᠡ᠃ | 27 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡ ᠥᠷᠯᠥᠭᠡ ᠶᠢᠨ 7 ᠴᠠᠭ ᠲᠤ ᠲᠢᠶᠠᠨ ᠵᠢᠶᠠ ᠶᠢᠩ ᠠᠴᠠ ᠠᠩᠬᠠᠨ ᠤ ᠡᠭᠡᠯᠵᠢ ᠶᠢᠨ ᠲᠡᠷᠭᠡ | ᠬᠦᠳᠡᠯᠦᠨ᠂ ᠣᠷᠣᠢ ᠶᠢᠨ 19 ᠴᠠᠭ ᠲᠤ ᠲᠢᠶᠠᠨ ᠵᠢᠶᠠ ᠶᠢᠩ ᠠᠴᠠ ᠡᠴᠦᠰ ᠤᠨ ᠡᠭᠡᠯᠵᠢ ᠶᠢᠨ ᠲᠡᠷᠭᠡ ᠬᠦᠳᠡᠯᠦᠨ᠎ᠡ᠃ 56 ᠳ᠋ᠤᠭᠠᠷ ᠵᠠᠮ ᠤᠨ ᠨᠡᠶᠢᠲᠡ ᠶᠢᠨ | ᠮᠠᠰᠢᠨ ᠲᠡᠷᠭᠡ ᠥᠷᠯᠥᠭᠡ ᠶᠢᠨ 7᠄ 00᠂ ᠣᠷᠣᠢ ᠶᠢᠨ 19᠄ 00 ᠴᠠᠭ ᠠᠴᠠ ᠬᠤᠣᠰ ᠴᠢᠭᠯᠡᠯ ᠢᠶᠠᠷ ᠲᠡᠷᠭᠡ ᠬᠦᠳᠡᠯᠦᠨ᠎ᠡ᠃ | |