13 ᠤ ᠡᠳᠦᠷ ᠠᠴᠠ ᠡᠬᠢᠯᠡᠨ ︽  ᠴᠢᠮᠡᠭᠡ ᠬᠤᠯᠪᠤᠭᠠᠨ ᠤ ᠠᠶᠠᠯᠠᠯ ᠤᠨ ᠺᠠᠷᠲ︾  ᠢ ᠬᠡᠷᠡᠭᠯᠡᠬᠦ ᠪᠠᠨ ᠪᠣᠯᠢᠨ᠎ᠠ
ᠨᠡᠶᠢᠲᠡᠯᠡᠭᠰᠡᠨ ᠴᠠᠭ᠄
2022/12/12
      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠣᠨᠣᠴᠠᠲᠠᠢ ᠪᠠᠷ ᠰᠠᠶᠢᠲᠤᠷ ᠬᠢᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ 12 ᠰᠠᠷ᠎ᠠ ᠶᠢᠨ 13 ᠤ ᠡᠳᠦᠷ ᠤᠨ 0 ᠴᠠᠭ ᠠᠴᠠ ᠡᠬᠢᠯᠡᠨ ︽ᠴᠢᠮᠡᠭᠡ ᠬᠤᠯᠪᠣᠭᠠᠨ ᠤ ᠠᠶᠠᠯᠠᠯ ᠤᠨ ᠺᠠᠷᠲ︾ ᠢ ᠵᠢᠩᠬᠢᠨᠢ ᠪᠠᠷ ᠰᠦᠯᠵᠢᠶᠡᠨ ᠠᠴᠠ ᠪᠠᠭᠤᠯᠭᠠᠨ᠎ᠠ᠃ ︽ᠴᠢᠮᠡᠭᠡ ᠬᠤᠯᠪᠣᠭᠠᠨ ᠤ ᠠᠶᠠᠯᠠᠯ ᠤᠨ ᠺᠠᠷᠲ︾ ᠤᠨ ᠣᠬᠤᠷ ᠴᠢᠮᠡᠭᠡ᠂  ᠰᠦᠯᠵᠢᠶᠡᠨ ᠤ ᠨᠢᠭᠤᠷ᠂ ᠸᠢᠴᠠᠲ ᠤᠨ ᠵᠢᠵᠢᠭ ᠫᠷᠤᠭ᠍ᠷᠠᠮ᠂ ᡁᠢ ᠹᠦ᠋ ᠪᠣᠣ ᠶᠢᠨ ᠵᠢᠵᠢᠭ ᠫᠷᠤᠭ᠍ᠷᠠᠮ᠂ APP ᠵᠡᠷᠭᠡ ᠪᠠᠶᠢᠴᠠᠭᠠᠨ ᠯᠠᠪᠯᠠᠬᠤ ᠠᠷᠭ᠎ᠠ ᠵᠠᠮ ᠢ ᠵᠡᠷᠭᠡᠪᠡᠷ ᠰᠦᠯᠵᠢᠶᠡᠨ ᠠᠴᠠ  ᠪᠠᠭᠤᠯᠭᠠᠨ᠎ᠠ᠃
ᠢᠷᠡᠯᠲᠡ᠄ ᠬᠦᠬᠡᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ