ᠥᠪᠡᠷᠲᠡᠭᠡᠨ ᠵᠠᠰᠠᠬᠤ ᠣᠷᠣᠨ  ᠤ ᠰᠤᠷᠭᠠᠨ ᠬᠥᠮᠦᠵᠢᠯ ᠤᠨ ᠲᠢᠩᠬᠢᠮ ᠳᠤᠮᠳᠠᠳᠤ ᠪᠠᠭ᠎ᠠ ᠰᠤᠷᠭᠠᠭᠤᠯᠢ ᠶᠢᠨ ᠡᠮᠬᠢ ᠵᠢᠷᠤᠮ ᠲᠠᠢ ᠪᠠᠷ ᠬᠢᠴᠢᠶᠡᠯ ᠢᠶᠠᠨ ᠰᠡᠷᠭᠦᠭᠡᠬᠦ ᠶᠢ ᠱᠠᠭᠠᠷᠳᠠᠯ᠎ᠠ
ᠨᠡᠶᠢᠲᠡᠯᠡᠭᠰᠡᠨ ᠴᠠᠭ᠄
2022/12/12
      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠰᠠᠶᠢᠲᠤᠷ ᠬᠢᠬᠦ ᠱᠠᠭᠠᠷᠳᠠᠯᠭ᠎ᠠ ᠪᠠᠷ᠂ 12 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ︽ᠳᠤᠮᠳᠠᠳᠤ ᠪᠠᠭ᠎ᠠ ᠰᠤᠷᠭᠠᠭᠤᠯᠢ ᠶᠢᠨ ᠡᠮᠬᠢ ᠵᠢᠷᠤᠮ ᠲᠠᠢ ᠪᠠᠷ ᠬᠢᠴᠢᠶᠡᠯ ᠢᠶᠠᠨ ᠰᠡᠷᠭᠦᠭᠡᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠦᠭᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠳᠠᠭᠠᠨ ᠪᠤᠴᠠᠵᠤ ᠬᠢᠴᠢᠶᠡᠯ ᠰᠡᠷᠭᠦᠭᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃      ᠮᠡᠳᠡᠭᠳᠡᠯ ᠳᠤ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂︽ᠬᠢᠵᠢᠭ ᠤᠨ ᠪᠠᠶᠢᠳᠠᠯ ᠲᠠᠢ ᠰᠤᠷᠭᠠᠭᠤᠯᠢ ᠨᠤᠭᠤᠳ ᠲᠦᠭᠰᠢᠭᠦᠷᠢᠲᠡᠢ ᠣᠷᠣᠨ ᠪᠦᠰᠡ ᠶᠢ ᠨᠠᠷᠢᠯᠢᠭ ᠣᠨᠣᠴᠠᠲᠠᠢ ᠵᠠᠭᠠᠭᠯᠠᠨ ᠲᠣᠭᠲᠠᠭᠠᠵᠤ᠂ ᠲᠦᠭᠰᠢᠭᠦᠷᠢᠲᠡᠢ ᠣᠷᠣᠨ ᠪᠦᠰᠡ ᠠᠴᠠ ᠭᠠᠳᠠᠨᠠᠬᠢ ᠬᠡᠪ ᠤᠨ ᠵᠢᠭᠠᠨ ᠰᠤᠷᠭᠠᠯᠲᠠ᠂ ᠠᠮᠢᠳᠤᠷᠠᠯ ᠵᠡᠷᠭᠡ ᠶᠢᠨ ᠡᠮᠬᠢ ᠵᠢᠷᠤᠮ ᠢ ᠪᠠᠲᠤᠯᠠᠬᠤ︾ ᠵᠠᠷᠴᠢᠮ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠬᠠᠷᠢᠶ᠎ᠠ ᠣᠷᠣᠨ ᠳᠠᠬᠢ ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠳᠠᠬᠢ ᠵᠢᠭᠠᠨ ᠰᠤᠷᠭᠠᠯᠲᠠ ᠶᠢ ᠪᠣᠳᠠᠲᠤ ᠴᠣᠭᠴᠠ ᠶᠢᠨ ᠵᠢᠭᠠᠨ ᠰᠤᠷᠭᠠᠯᠲᠠ ᠪᠣᠯᠭᠠᠨ ᠬᠤᠪᠢᠷᠠᠭᠤᠯᠬᠤ  ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ᠃ ᠡᠯ᠎ᠡ ᠬᠤᠰᠢᠭᠤ ᠰᠢᠶᠠᠨ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠰᠤᠷᠭᠠᠭᠤᠯᠢ ᠳᠠᠭᠠᠨ ᠪᠤᠴᠠᠵᠤ ᠬᠢᠴᠢᠶᠡᠯ ᠢᠶᠠᠨ ᠰᠡᠷᠭᠦᠭᠡᠬᠦ ᠠᠵᠢᠯ ᠤᠨ ᠲᠥᠰᠥᠯ ᠢ ᠰᠤᠳᠤᠯᠤᠨ ᠲᠣᠭᠲᠠᠭᠠᠵᠤ᠂ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ︽ᠪᠦᠯᠦᠭ ᠬᠤᠪᠢᠶᠠᠨ ᠡᠮᠬᠢ ᠵᠢᠷᠤᠮ ᠲᠠᠢ᠂ ᠰᠣᠷᠣᠬᠴᠢᠳ ᠰᠠᠶᠢᠨ ᠳᠤᠷ᠎ᠠ ᠠᠴᠠ ᠪᠠᠨ᠂ ᠠᠮᠤᠷ ᠲᠦᠪᠰᠢᠨ ᠪᠥᠭᠡᠳ ᠯᠠᠪᠳᠠᠭᠤᠨ ᠪᠠᠶᠢᠬᠤ︾ᠵᠠᠷᠴᠢᠮ ᠶᠣᠰᠣᠭᠠᠷ᠂ ᠴᠠᠭ ᠵᠥᠷᠢᠭᠦᠯᠵᠦ᠂ ᠣᠷᠭᠢᠯ  ᠤᠨ ᠬᠤᠭᠤᠴᠠᠭ᠎ᠠ ᠶᠢ ᠵᠥᠷᠢᠭᠦᠯᠵᠦ᠂ ᠲᠠᠰ ᠳᠠᠪᠬᠤᠷᠭ᠎ᠠ ᠵᠥᠷᠢᠭᠦᠯᠬᠦ ᠠᠷᠭ᠎ᠠ ᠪᠠᠷ ᠲᠡᠭᠦᠰᠬᠦ ᠣᠨ ᠤ ᠰᠣᠷᠣᠬᠴᠢ ᠶᠢᠨ ᠰᠤᠷᠭᠠᠭᠤᠯᠢ ᠳᠠᠭᠠᠨ ᠪᠤᠴᠠᠵᠤ ᠬᠢᠴᠢᠶᠡᠯᠯᠡᠬᠦ  ᠶᠢ  ᠤᠷᠢᠳ ᠢᠶᠠᠷ ᠲᠣᠬᠢᠷᠠᠭᠤᠯᠬᠤ ᠬᠡᠷᠡᠭᠲᠡᠢ᠃ ᠬᠡᠦᠬᠡᠳ ᠤᠨ ᠴᠡᠴᠡᠷᠯᠢᠭ ᠤᠨ ᠬᠡᠦᠬᠡᠳ ᠤᠨ ᠴᠡᠴᠡᠷᠯᠢᠭ ᠲᠡᠭᠡᠨ ᠪᠤᠴᠠᠬᠤ ᠴᠠᠭ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠪᠣᠳᠠᠲᠤ ᠴᠣᠭᠴᠠ ᠶᠢᠨ ᠵᠢᠭᠠᠨ ᠰᠤᠷᠭᠠᠯᠲᠠ ᠶᠢ ᠰᠡᠷᠭᠦᠭᠡᠬᠦ ᠴᠠᠭ ᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ ᠰᠤᠳᠤᠯᠤᠨ ᠮᠠᠭᠠᠳᠯᠠᠵᠤ ᠲᠣᠭᠲᠠᠭᠠᠨ᠎ᠠ᠃      ᠰᠤᠷᠭᠠᠭᠤᠯᠢ ᠶᠢᠨ ᠬᠢᠴᠢᠶᠡᠯ ᠢ ᠰᠡᠷᠭᠦᠭᠡᠬᠦ ᠠᠴᠠ ᠡᠮᠦᠨ᠎ᠡ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠤᠯᠤᠰ ᠲᠥᠷᠥ ᠬᠠᠤᠯᠢ ᠴᠠᠭᠠᠵᠠ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠲᠣᠭᠤᠷᠢᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠢᠭᠡᠴᠢ ᠲᠠᠢ ᠬᠠᠮᠲᠤᠷᠠᠨ᠂ ᠬᠢᠨᠠᠨ ᠰᠢᠯᠭᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠬᠢᠴᠢᠶᠡᠯ ᠰᠡᠷᠭᠦᠭᠡᠬᠦ  ᠠᠴᠠ ᠡᠮᠦᠨ᠎ᠡ ᠰᠤᠷᠭᠠᠭᠤᠯᠢ ᠳᠤ ᠬᠦᠷᠴᠦ ᠨᠢᠭᠡ ᠨᠢᠭᠡ ᠪᠠᠷ ᠨᠥᠬᠦᠴᠡᠯ ᠢ ᠬᠠᠷᠭᠤᠭᠤᠯᠤᠨ ᠪᠠᠶᠢᠴᠠᠭᠠᠬᠤ ᠪᠠ ᠱᠠᠯᠠᠪᠳᠠᠭᠤᠯᠤᠨ  ᠪᠠᠶᠢᠴᠠᠭᠠᠬᠤ ᠬᠡᠷᠡᠭᠲᠡᠢ᠃ ᠰᠤᠷᠭᠠᠭᠤᠯᠢ ᠳᠠᠭᠠᠨ ᠪᠤᠴᠠᠬᠤ ᠪᠠᠭᠰᠢ ᠰᠣᠷᠣᠬᠴᠢ ᠠᠵᠢᠯᠲᠠᠨ ᠡᠷᠬᠡᠪᠰᠢ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠵᠢᠴᠢ ᠡᠷᠡᠭᠦᠯ ᠮᠡᠨᠳᠦ ᠶᠢᠨ ᠺᠣᠳ᠋ ︵ᠨᠣᠭᠤᠭᠠᠨ ᠥᠩᠭᠡ ᠲᠠᠢ︶ ᠢᠶᠠᠨ ᠦᠵᠡᠭᠦᠯᠵᠦ ᠰᠤᠷᠭᠠᠭᠤᠯᠢ ᠶᠢᠨ ᠬᠦᠷᠢᠶᠡᠨ ᠳᠤ ᠣᠷᠣᠬᠤ ᠬᠡᠷᠡᠭᠲᠡᠢ᠃ ᠡᠯ᠎ᠡ ᠭᠠᠵᠠᠷ ᠤᠨ ᠡᠯ᠎ᠡ ᠰᠤᠷᠭᠠᠭᠤᠯᠢ ᠨᠤᠭᠤᠳ ᠬᠠᠮᠢᠶ᠎ᠠ ᠪᠦᠬᠦᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ ᠪᠠ ᠰᠢᠯᠢᠳᠡᠭᠵᠢᠭᠦᠯᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠣᠰ ᠭᠠᠵᠠᠷ ᠣᠷᠣᠨ ᠵᠢᠴᠢ ᠲᠣᠰ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠰᠤᠷᠭᠠᠭᠤᠯᠢ ᠶᠢ ᠵᠢᠭᠠᠨ ᠵᠢᠯᠤᠭᠤᠳᠴᠤ ᠪᠠᠶᠢᠭᠠᠳ ᠬᠢᠴᠢᠶᠡᠯ ᠤᠨ ᠲᠣᠬᠢᠷᠠᠭᠤᠯᠤᠯᠲᠠ᠂ ᠵᠢᠭᠠᠨ ᠰᠤᠷᠭᠠᠯᠲᠠ ᠶᠢᠨ ᠲᠥᠯᠥᠪᠯᠡᠭᠡ᠂ ᠠᠩᠭᠢ ᠶᠢᠨ ᠠᠵᠢᠯ ᠤᠨ ᠲᠥᠯᠥᠪᠯᠡᠭᠡ ᠶᠢ ᠤᠷᠢᠳᠴᠢᠯᠠᠨ ᠰᠠᠶᠢᠲᠤᠷ ᠬᠢᠵᠦ᠂ ᠬᠢᠴᠢᠶᠡᠯ ᠢ ᠭᠦᠢᠴᠡᠳ ᠪᠥᠭᠡᠳ ᠪᠦᠷᠢᠨ ᠨᠡᠭᠡᠭᠡᠬᠦ ᠶᠢ ᠪᠠᠲᠤᠯᠠᠬᠤ ᠬᠡᠷᠡᠭᠲᠡᠢ᠃ ᠰᠤᠷᠭᠠᠭᠤᠯᠢ ᠨᠤᠭᠤᠳ ᠠᠮᠠᠪᠴᠢ᠂ ᠭᠠᠷ ᠤᠬᠢᠶᠠᠬᠤ ᠰᠢᠩᠭᠡᠨ᠂ ᠪᠡᠶ᠎ᠡ ᠶᠢᠨ ᠬᠠᠯᠠᠭᠤᠨ ᠤ ᠬᠡᠮᠵᠢᠭᠦᠷ᠂ ᠠᠷᠢᠭᠤᠳᠬᠠᠬᠤ ᠡᠳ᠋ ᠵᠡᠷᠭᠡ ᠡᠷᠬᠡᠪᠰᠢ ᠪᠡᠯᠡᠳᠬᠡᠬᠦ ᠴᠢᠬᠤᠯᠠᠲᠠᠢ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠭᠦᠢᠴᠡᠳ ᠪᠡᠯᠡᠳᠬᠡᠵᠦ᠂ ᠬᠠᠷᠢᠶ᠎ᠠ ᠭᠠᠵᠠᠷ ᠤᠨ ᠲᠥᠷᠥ ᠶᠢᠨ ᠪᠣᠳᠣᠯᠭ᠎ᠠ ᠶᠢ ᠦᠨᠳᠦᠰᠦᠯᠡᠨ ᠵᠣᠬᠢᠶᠠᠨ ᠪᠠᠶᠢᠭᠤᠯᠤᠯᠲᠠ ᠲᠠᠢ ᠪᠠᠷ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠬᠠᠨᠳᠤᠭᠤᠯᠤᠭᠰᠠᠨ ᠪᠥᠭᠡᠮ ᠬᠦᠴᠢᠯ ᠤᠨ ᠪᠠᠶᠢᠴᠠᠭᠠᠯᠲᠠ ᠥᠷᠨᠢᠭᠦᠯᠬᠦ ᠬᠡᠷᠡᠭᠲᠡᠢ᠃ ᠪᠠᠶᠢᠷᠢᠯᠠᠬᠤ ᠳᠦᠷᠢᠮᠲᠦ ᠰᠤᠷᠭᠠᠭᠤᠯᠢ ᠨᠢ ᠵᠠᠷᠴᠢᠮ ᠳᠡᠭᠡᠷ᠎ᠡ ᠪᠠᠨ ᠪᠢᠲᠡᠭᠦᠮᠵᠢᠯᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠠᠭᠰᠢ ᠰᠣᠷᠣᠬᠴᠢ ᠠᠵᠢᠯᠲᠠᠨ ᠠᠵᠢᠯᠴᠢᠨ ᠪᠣᠯ ︽ᠥᠪᠡᠷ ᠤᠨ  ᠢᠶᠠᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ︾ ᠪᠤᠯᠬᠤ ᠤᠬᠠᠮᠰᠠᠷ ᠢ ᠪᠠᠲᠤ ᠪᠠᠬᠢ ᠪᠤᠶ ᠪᠤᠯᠭᠠᠵᠤ᠂ ᠭᠡᠷ ᠤᠨ ᠠᠬᠠᠮᠠᠳ ᠬᠡᠦᠬᠡᠳ ᠢᠶᠠᠨ ᠲᠣᠰᠴᠤ ᠭᠦᠷᠭᠡᠭᠦ ᠳᠡᠭᠡᠨ ᠰᠤᠷᠭᠠᠭᠤᠯᠢ ᠶᠢᠨ ᠡᠭᠦᠳᠡᠨ ᠳᠤ ᠴᠤᠭᠯᠠᠷᠠᠬᠤ ᠦᠭᠡᠢ ᠪᠠᠶᠢᠵᠤ᠂ ᠠᠮᠠᠪᠴᠢ ᠪᠠᠨ ᠰᠠᠶᠢᠲᠤᠷ ᠵᠡᠭᠦᠵᠦ᠂ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ  ᠭᠡᠵᠦ ᠱᠠᠭᠠᠷᠳᠠᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ