ᠬᠥᠬᠡᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ 9 ᠤ ᠡᠳᠦᠷ ᠠᠴᠠ ᠡᠬᠢᠯᠡᠨ ᠤᠨᠤᠰᠢᠯᠠᠯᠲᠠ ᠪᠠᠨ ᠰᠡᠷᠭᠦᠭᠡᠪᠡ
ᠨᠡᠶᠢᠲᠡᠯᠡᠭᠰᠡᠨ ᠴᠠᠭ᠄
2022/12/12
      ᠰᠤᠷᠪᠤᠯᠵᠢᠯᠠᠭᠴᠢ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠠᠴᠠ ᠣᠶᠢᠯᠠᠭᠠᠭᠰᠠᠨ ᠢᠶᠠᠷ᠂ ᠲᠣᠰ ᠡᠮᠨᠡᠯᠭᠡ ᠶᠢᠨ ᠬᠤᠷᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠣᠲᠣ ᠨᠢᠭᠡᠨᠲᠡ ᠡᠯ᠎ᠡ ᠵᠦᠢᠯ ᠤᠨ  ᠤᠨᠤᠰᠢᠯᠠᠯᠲᠠ ᠪᠠᠨ ᠰᠡᠷᠭᠦᠭᠡᠬᠦ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ ᠂ ᠡᠭᠦᠨ ᠳᠤ ᠠᠮᠠᠨ ᠬᠥᠨᠳᠡᠢ ᠶᠢᠨ ᠰᠠᠯᠠᠭ᠎ᠠ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠰᠠᠯᠠᠭ᠎ᠠ᠂ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠰᠠᠭᠤᠷᠢᠨ ᠭᠠᠵᠠᠷ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠯᠲᠡᠰ ᠠᠴᠠ ᠪᠤᠰᠤᠳ ᠪᠣᠶ ᠪᠦᠬᠦᠢ ᠰᠠᠯᠠᠭ᠎ᠠ ᠲᠠᠰᠤᠭ ᠴᠥᠮ 12 ᠳ᠋ᠤᠭᠠᠷ ᠰᠠᠷ᠎ᠠ ᠶᠢᠨ 9 ᠤ ᠡᠳᠦᠷ ᠬᠡᠪ ᠤᠨ ᠡᠮᠴᠢᠯᠡᠭᠡ᠂ ᠡᠷᠡᠭᠦᠯᠵᠢᠯ ᠤᠨ ᠦᠢᠯᠡᠴᠢᠯᠡᠭᠡ ᠪᠠᠨ ᠪᠥᠬᠦ ᠲᠠᠯ᠎ᠠ ᠪᠠᠷ ᠰᠡᠷᠭᠦᠭᠡᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠲᠣᠰ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠰᠦᠯᠵᠢᠶᠡᠨ ᠳᠡᠭᠡᠷ᠎ᠡ ᠴᠠᠭ ᠬᠤᠪᠢᠶᠠᠨ ᠤᠷᠢᠳᠴᠢᠯᠠᠨ ᠳ᠋ᠤᠭᠠᠷᠯᠠᠬᠤ ᠶᠢ ᠬᠡᠷᠡᠭᠵᠢᠭᠦᠯᠵᠦ᠂ ︽ᠬᠥᠬᠡᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠡᠮᠴᠢᠯᠡᠭᠡᠨ ᠤ ᠲᠠᠪᠴᠠᠩ︾ ᠭᠡᠬᠦ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠴᠠᠭ ᠬᠤᠪᠢᠶᠠᠨ ᠤᠷᠢᠳᠴᠢᠯᠠᠨ ᠪᠣᠯᠵᠣᠵᠤ ᠡᠮᠨᠡᠭᠦᠯᠵᠦ ᠪᠣᠯᠣᠨ᠎ᠠ᠃ ᠡᠮᠨᠡᠯᠭᠡ ᠳᠤ ᠢᠷᠡᠭᠰᠡᠨ ᠬᠥᠮᠥᠰ ᠪᠥᠬᠦ ᠶᠠᠪᠤᠴᠠ ᠳᠤ N95 ᠠᠮᠠᠪᠴᠢ ᠵᠡᠭᠦᠵᠦ᠂ ᠡᠮᠨᠡᠯᠭᠡ ᠶᠢᠨ ᠬᠤᠷᠢᠶᠠᠨ ᠤ ᠲᠣᠭᠲᠠᠭᠠᠭᠰᠠᠨ ᠵᠠᠮ ᠢᠶᠠᠷ ᠣᠷᠣᠵᠤ ᠭᠠᠷᠬᠤ ᠬᠡᠷᠡᠭᠲᠡᠢ ᠃ ᠪᠥᠭᠡᠮ ᠬᠦᠴᠢᠯ ᠨᠢ ᠪᠢᠯᠢᠭ ᠴᠢᠨᠠᠷᠲᠠᠢ᠂ ᠡᠷᠡᠭᠦᠯ ᠮᠡᠨᠳᠦ ᠶᠢᠨ ᠺᠣᠳ᠋ ᠨᠢ ︽ᠨᠣᠭᠤᠭᠠᠨ ᠺᠣᠳ᠋︾ ᠪᠣᠯᠬᠤ ᠡᠪᠡᠳᠴᠢᠲᠡᠨ ᠡᠮᠦᠨ᠎ᠡ ᠡᠭᠦᠳᠡ ᠪᠠᠷ ᠤᠷᠢᠳᠴᠢᠯᠠᠨ ᠪᠠᠶᠢᠴᠠᠭᠠᠵᠤ ᠬᠤᠪᠢᠶᠠᠷᠢ ᠤᠨᠤᠰᠢᠯᠠᠬᠤ ᠶᠢ ᠦᠩᠭᠡᠷᠡᠨ ︽  ᠬᠦᠬᠡᠬᠤᠲᠠ ᠶᠢᠨ ᠺᠣᠳ᠋︾ ᠢ ᠰᠢᠷᠪᠢᠵᠦ ᠡᠭᠦᠳᠡᠨ ᠡᠮᠨᠡᠯᠭᠡ ᠶᠢᠨ ᠲᠢᠩᠬᠢᠮ ᠳᠤ ᠣᠷᠣᠨ᠎ᠠ︔ 48 ᠴᠠᠭ ᠤᠨ  ᠪᠦᠭᠡᠮ ᠬᠦᠴᠢᠯ ᠤᠨ ᠳ᠋ᠦᠩ ᠦᠭᠡᠢ᠂ ᠬᠠᠯᠠᠭᠤᠷᠠᠭᠰᠠᠨ ᠡᠪᠡᠳᠴᠢᠲᠡᠨ᠂ ᠡᠷᠡᠭᠦᠯ ᠮᠡᠨᠳᠦ ᠶᠢᠨ ᠺᠣᠳ᠋ ᠨᠢ ︽ᠰᠢᠷ᠎ᠠ ᠺᠣᠳ᠋︾᠂ ᠪᠠᠭᠤᠳᠠᠯ ᠳᠤ ᠲᠤᠰᠠᠭᠠᠷᠯᠠᠭᠰᠠᠨ᠂ ᠲᠦᠭᠰᠢᠭᠦᠷᠢ ᠶᠡᠬᠡᠲᠡᠢ ᠬᠥᠮᠥᠰ ᠵᠡᠭᠦᠨ ᠡᠭᠦᠳᠡᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠥᠳᠥᠭᠡᠭᠴᠢ ᠵᠢᠴᠢ ᠪᠦᠭᠡᠮ ᠬᠦᠴᠢᠯ ᠤᠨ ᠪᠠᠶᠢᠴᠠᠭᠠᠯᠲᠠ ᠬᠢᠵᠦ᠂  ᠪᠠᠶᠢᠴᠠᠭᠠᠭᠠᠳ ᠬᠡᠪ ᠤᠨ ᠪᠤᠰᠤ ᠪᠠᠶᠢᠳᠠᠯ ᠦᠭᠡᠢ ᠡᠪᠡᠳᠴᠢᠲᠡᠨ ᠡᠩ ᠤᠨ ᠡᠭᠦᠳᠡᠨ ᠡᠮᠨᠡᠯᠭᠡ ᠳᠤ ᠬᠦᠷᠴᠦ  ᠡᠮᠨᠡᠭᠦᠯᠦᠨ᠎ᠡ︔ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠭᠰᠠᠨ ᠰᠡᠵᠢᠭᠯᠡᠯᠲᠡᠢ ᠬᠡᠦᠬᠡᠳ ᠬᠡᠦᠬᠡᠳ ᠤᠨ ᠰᠠᠯᠠᠭᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠦᠨ᠎ᠡ᠃ ᠡᠮᠴᠢᠯᠡᠭᠦᠯᠦᠭᠴᠢ ᠪᠥᠬᠦ ᠶᠠᠪᠤᠴᠠ ᠳᠤ 1 ᠮᠧᠲᠷ ᠠᠴᠠ ᠳᠡᠭᠡᠭᠰᠢᠬᠢ ᠠᠮᠤᠷ ᠲᠦᠪᠰᠢᠨ ᠤ ᠵᠠᠢ ᠶᠢ ᠪᠠᠲᠤᠯᠠᠵᠤ᠂ ᠠᠵᠢᠯᠲᠠᠳ ᠲᠠᠢ ᠬᠠᠮᠵᠢᠯᠴᠠᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠤᠯᠪᠤᠭᠳᠠᠯ ᠪᠦᠬᠦᠢ ᠲᠠᠬᠤᠯ ᠡᠪᠡᠳᠴᠢᠨ ᠤ  ᠪᠠᠶᠢᠴᠠᠭᠠᠯᠲᠠ ᠬᠢᠨ᠎ᠡ᠃ ᠡᠷᠡᠭᠦᠯ ᠮᠡᠨᠳᠦ ᠶᠢᠨ ᠺᠤᠳ᠋ ᠦᠭᠡᠢ ᠨᠠᠰᠤ ᠠᠬᠢᠭᠰᠠᠨ ᠡᠪᠡᠳᠴᠢᠲᠡᠨ ᠪᠡᠶ᠎ᠡ ᠶᠢᠨ ᠦᠨᠡᠮᠯᠡᠯ ᠢᠶᠠᠨ ᠤᠷᠢᠳᠴᠢᠯᠠᠨ ᠪᠡᠯᠡᠳᠬᠡᠵᠦ᠂  ᠲᠤᠰᠬᠠᠢ ᠬᠦᠮᠦᠨ ᠦᠢᠯᠡᠴᠢᠯᠡᠵᠦ ᠪᠠᠶᠢᠭ᠎ᠠ ᠰᠠᠭᠠᠳ ᠦᠭᠡᠢ ᠨᠡᠪᠲᠡᠷᠡᠬᠦ ᠵᠠᠮ ᠢᠶᠠᠷ ᠶᠠᠪᠤᠵᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠬᠦ ᠬᠡᠷᠡᠭᠲᠡᠢ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ