ᠮᠠᠨ ᠤ ᠬᠤᠲᠠ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2022/12/13
      ᠣᠶᠢᠷ᠎ᠠ ᠶᠢᠨ ᠡᠳᠦᠷ᠂ ᠪᠠᠶᠢᠳᠠᠯ ᠢ ᠮᠡᠳᠡᠬᠦ᠂ ᠵᠥᠪᠰᠢᠶᠡᠷᠡᠬᠦ᠂ ᠰᠠᠶᠢᠨ ᠳᠤᠷ᠎ᠠ ᠠᠴᠠ ᠪᠠᠨ ᠪᠠᠶᠢᠬᠤ ᠵᠠᠷᠴᠢᠮ ᠢ ᠪᠠᠷᠢᠮᠲᠠᠯᠠᠨ᠂ ᠬᠥᠬᠡᠬᠤᠲᠠ ᠶᠢᠨ ᠬᠢᠨ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ ᠪᠠᠶᠢᠨ᠎ᠠ᠃      ᠬᠥᠬᠡᠬᠤᠲᠠ ᠶᠢᠨ  ᠢᠥᠢ ᠴᠢᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠵᠣᠣ ᠾᠧ ᠫᠢᠩ ᠢᠯᠡᠷᠬᠡᠶᠢᠯᠡᠬᠦ ᠳᠡᠭᠡᠨ᠄ ︽ᠥᠯᠥ ᠬᠠᠯᠳᠠᠭᠠᠬᠤ ᠬᠠᠯᠬᠠᠪᠴᠢ ᠶᠢ ᠪᠠᠬᠢᠵᠢᠭᠦᠯᠵᠦ᠂ ᠠᠷᠠᠳ ᠢᠷᠭᠡᠳ ᠤᠨ ᠡᠷᠡᠭᠦᠯ ᠮᠡᠨᠳᠦ ᠶᠢ ᠬᠠᠮᠠᠭᠠᠯᠠᠨ᠂ ᠣᠯᠠᠨ ᠲᠦᠮᠡᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠢᠥᠢ ᠴᠢᠤᠸᠠᠨ ᠲᠣᠭᠤᠷᠢᠭ ᠤᠨ ᠬᠢᠨ  ᠬᠠᠷᠢᠶ᠎ᠠ ᠣᠷᠣᠨ ᠳᠠᠭᠠᠨ 8 ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠴᠡᠭ ᠭᠠᠷᠭᠠᠵᠤ᠂ ᠬᠤᠲᠠ ᠶᠢᠨ ᠠᠷᠠᠳ ᠤᠨ ᠣᠶᠢᠷ᠎ᠠ ᠬᠠᠪᠢ ᠳᠠᠭᠠᠨ ᠲᠠᠷᠢᠯᠭ᠎ᠠ ᠲᠠᠷᠢᠭᠤᠯᠬᠤ ᠳᠤ ᠲᠥᠬᠦᠮ ᠦᠵᠡᠭᠦᠯᠪᠡ᠃ ᠡᠭᠦᠨ ᠠᠴᠠ ᠭᠠᠳᠠᠨ᠎ᠠ᠂ ᠡᠯ᠎ᠡ ᠲᠠᠷᠢᠯᠭ᠎ᠠ ᠶᠢᠨ ᠴᠡᠭ ᠤᠳ ᠸᠠᠺᠼᠢᠨ ᠤ ᠲᠠᠷᠢᠯᠭ᠎ᠠ ᠶᠢᠨ ᠦᠢᠯᠡᠴᠢᠯᠡᠭᠡᠨ ᠤ ᠵᠠᠭᠪᠤᠷ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠣᠯᠠᠨ ᠲᠦᠮᠡᠨ ᠤ ᠬᠡᠷᠡᠭᠴᠡᠭᠡ ᠲᠠᠢ ᠨᠠᠷᠢᠯᠢᠭ ᠣᠨᠣᠴᠠᠲᠠᠢ ᠵᠣᠯᠭᠠᠭᠤᠯᠤᠨ᠂ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢ ᠨᠠᠩ ᠳᠥᠭᠦᠮ ᠳᠥᠲᠡ᠂ ᠨᠠᠩ ᠲᠠᠭᠠᠯᠠᠮᠵᠢᠲᠠᠢ ᠪᠣᠯᠭᠠᠨ᠎ᠠ︾  ᠭᠡᠪᠡ᠃ 12 ᠳ᠋ᠤᠭᠠᠷ ᠰᠠᠷ᠎ᠠ ᠶᠢᠨ 7 ᠤ ᠡᠳᠦᠷ ᠠᠴᠠ ᠡᠬᠢᠯᠡᠨ ᠬᠥᠬᠡᠬᠤᠲᠠ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠲᠦᠯᠬᠢᠨ ᠠᠬᠢᠭᠤᠯᠵᠤ ᠡᠬᠢᠯᠡᠪᠡ᠃ 80 ᠨᠠᠰᠤᠨ ᠠᠴᠠ ᠳᠡᠭᠡᠭᠰᠢᠬᠢ  ᠨᠠᠰᠤᠳᠠᠶᠢᠴᠤᠳ ᠤᠨ ᠲᠠᠷᠢᠯᠭ᠎ᠠ ᠶᠢᠨ ᠨᠤᠷᠮ᠎ᠠ ᠶᠢ ᠲᠦᠷᠭᠡᠪᠴᠢᠯᠡᠨ ᠳᠡᠭᠡᠭᠰᠢᠯᠡᠭᠦᠯᠵᠦ᠂ 60 - 79 ᠨᠠᠰᠤᠨ ᠤ ᠨᠠᠰᠤᠳᠠᠶᠢᠴᠤᠳ ‍ᠤᠨ‌‍ᠲ᠋ᠠᠷᠢᠯᠭ᠎ᠠ ᠶᠢᠨ ᠨᠤᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠨ᠎ᠡ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠠᠴᠠ ᠪᠣᠯᠵᠤ ᠬᠦᠨᠳᠦ ᠡᠪᠡᠳᠴᠢᠯᠡᠬᠦ ᠪᠠ ᠦᠬᠦᠬᠦ ᠶᠢ ᠤᠷᠢᠳᠴᠢᠯᠠᠨ ᠰᠡᠷᠭᠡᠶᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠡᠨᠡ ᠤᠳᠠᠭ᠎ᠠ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠴᠢᠩᠭᠠᠳᠬᠠᠬᠤ ᠲᠠᠷᠢᠯᠭ᠎ᠠ ᠪᠠ  ᠪᠥᠬᠦ ᠶᠠᠪᠤᠴᠠ ᠶᠢᠨ ᠦᠨᠳᠦᠰᠦᠨ ᠲᠠᠷᠢᠯᠭ᠎ᠠ ᠶᠢᠨ ᠠᠯᠤᠰᠯᠠᠬᠤ  ᠬᠤᠭᠤᠴᠠᠭ᠎ᠠ ᠶᠢ ᠤᠤᠯ ᠤᠨ 6 ᠰᠠᠷ᠎ᠠ ᠠᠴᠠ 3 ᠰᠠᠷ᠎ᠠ ᠪᠣᠯᠭᠠᠨ ᠲᠣᠬᠢᠷᠠᠭᠤᠯᠪᠠ᠃
微信图片_20221213105014.jpg
 
微信图片_20221213105025.jpg
微信图片_20221213105044.jpg
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ ᠤ ᠠᠯᠪᠠᠨ ᠤ ᠸᠢᠴᠠᠲ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ