ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠨᠡᠭᠡᠭᠡᠪᠡ
ᠨᠡᠶᠢᠲᠡᠯᠡᠭᠰᠡᠨ ᠴᠠᠭ᠄
2022/12/13
      ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠥᠴᠥᠭᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ  ᠠᠴᠠ ᠣᠶᠢᠯᠠᠭᠠᠭᠰᠠᠨ ᠢᠶᠠᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠵᠤᠷᠭᠠᠨ ᠤ ᠳᠠᠷᠤᠮᠠᠯᠯᠠᠨ ᠲᠠᠷᠬᠠᠭᠠᠭᠰᠠᠨ ︽ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ︵ᠥᠷᠲᠡᠭᠡ︶ ᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠷᠭ᠎ᠠ ᠬᠡᠮᠵᠢᠶ᠎ᠡ ᠶᠢᠨ ᠵᠦᠭᠯᠡᠭᠦᠷ ︵2022 ᠣᠨ ᠤ 12 ᠳ᠋ᠤᠭᠠᠷ ᠰᠠᠷ᠎ᠠ ᠶᠢᠨ ᠬᠡᠪᠯᠡᠯ︶︾ ᠤᠨ ᠮᠡᠳᠡᠭᠳᠡᠯ ᠢ ᠦᠨᠳᠦᠰᠦᠯᠡᠨ᠂ ᠲᠣᠰ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ 12 ᠳ᠋ᠤᠭᠠᠷ ᠰᠠᠷ᠎ᠠ ᠶᠢᠨ 12 ᠤᠨ ᠡᠳᠦᠷ ︵ᠭᠠᠷᠠᠭ ᠤᠨ ᠨᠢᠭᠡᠨ︶ ᠤᠨ 8᠄ 30 ᠲᠤ ᠡᠭᠦᠳᠡ ᠪᠠᠨ ᠨᠡᠭᠡᠭᠡᠪᠡ᠃      ᠨᠢᠭᠡᠨᠲᠡ ᠨᠡᠭᠡᠭᠡᠭᠰᠡᠨ ᠦᠢᠯᠡᠴᠢᠯᠡᠭᠡᠨ ᠤ ᠴᠣᠩᠬᠤ ᠳᠤ᠂ ᠨᠢᠭᠡᠳᠦᠭᠡᠷ ᠳᠠᠪᠬᠤᠷᠯᠢᠭ᠄ ᠪᠠᠭᠠᠴᠤᠳ ᠬᠡᠦᠬᠡᠳ ᠤᠨ ᠦᠢᠯᠡᠴᠢᠯᠡᠭᠡᠨ ᠤ ᠲᠣᠭᠤᠷᠢᠭ᠂ ᠵᠡᠮᠳᠡᠭᠴᠦᠳ ᠤᠨ ᠦᠢᠯᠡᠴᠢᠯᠡᠭᠡᠨ ᠤ ᠲᠣᠭᠤᠷᠢᠭ︔ ᠬᠤᠶᠠᠳᠤᠭᠠᠷ ᠳᠠᠪᠬᠤᠷᠯᠢᠭ᠄ ᠠᠬᠠᠮᠠᠳ ᠤᠩᠰᠢᠭᠴᠢᠳ ᠤᠨ ᠤᠩᠰᠢᠯᠭ᠎ᠠ ᠶᠢᠨ ᠲᠠᠰᠤᠭ᠂ ᠬᠢᠲᠠᠳ ᠬᠡᠯᠡᠨ ᠤ ᠬᠤᠭᠤᠴᠠᠭᠠᠲᠤ ᠰᠡᠳᠬᠦᠯ ᠤᠨ ᠤᠩᠰᠢᠯᠭ᠎ᠠ ᠶᠢᠨ ᠲᠠᠰᠤᠭ᠂ ᠬᠢᠲᠠᠳ ᠬᠡᠯᠡᠨ ᠤ ᠰᠣᠨᠢᠨ ᠤ ᠤᠩᠰᠢᠯᠭ᠎ᠠ ᠶᠢᠨ ᠲᠠᠰᠤᠭ᠂ ᠭᠠᠳᠠᠭᠠᠳᠤ ᠬᠡᠯᠡᠨ ᠤ ᠨᠣᠮ ᠤᠨ ᠣᠩᠰᠢᠯᠭ᠎ᠠ ᠶᠢᠨ ᠲᠠᠰᠤᠭ᠂ ᠤᠩᠰᠢᠭᠴᠢᠳ ᠤᠨ ᠦᠨᠡᠮᠯᠡᠯ ᠠᠪᠬᠤ ᠭᠠᠵᠠᠷ︔ ᠭᠤᠷᠪᠠᠳᠤᠭᠠᠷ ᠳᠠᠪᠬᠤᠷᠯᠢᠭ᠄ ᠬᠢᠲᠠᠳ ᠬᠡᠯᠡᠨ ᠤ ᠨᠣᠮ ᠪᠢᠴᠢᠭ ᠤᠨ ᠨᠢᠭᠡᠳᠦᠭᠡᠷ ᠤᠩᠰᠢᠯᠭ᠎ᠠ ᠶᠢᠨ ᠲᠠᠰᠤᠭ᠂ ᠬᠢᠲᠠᠳ ᠬᠡᠯᠡᠨ ᠤ ᠨᠣᠮ ᠪᠢᠴᠢᠭ ᠤᠨ ᠬᠤᠶᠠᠳᠤᠭᠠᠷ ᠤᠩᠰᠢᠯᠭ᠎ᠠ ᠶᠢᠨ ᠲᠠᠰᠤᠭ᠂ ᠬᠢᠲᠠᠳ ᠬᠡᠯᠡᠨ ᠤ ᠨᠣᠮ ᠪᠢᠴᠢᠭ ᠤᠨ ᠭᠤᠷᠪᠠᠳᠤᠭᠠᠷ ᠤᠩᠰᠢᠯᠭ᠎ᠠ ᠶᠢᠨ ᠲᠠᠰᠤᠭ᠂ ᠬᠢᠲᠠᠳ ᠬᠡᠯᠡᠨ ᠤ ᠨᠣᠮ ᠪᠢᠴᠢᠭ ᠤᠨ ᠳᠥᠷᠪᠡᠳᠦᠭᠡᠷ ᠤᠩᠰᠢᠯᠭ᠎ᠠ ᠶᠢᠨ ᠲᠠᠰᠤᠭ᠂  ᠬᠠᠮ ᠵᠠᠭᠤᠴᠢᠯᠠᠭᠤᠷ ᠤᠨ ᠦᠢᠯᠡᠴᠢᠯᠡᠭᠡᠨ ᠤ ᠲᠣᠭᠤᠷᠢᠭ︔ ᠳᠥᠷᠪᠡᠳᠦᠭᠡᠷ ᠳᠠᠪᠬᠤᠷᠯᠢᠭ᠄ ᠮᠣᠩᠭᠤᠯ ᠬᠡᠯᠡᠨ ᠤ ᠤᠩᠰᠢᠯᠭ᠎ᠠ ᠶᠢᠨ ᠲᠠᠰᠤᠭ᠂ ᠦᠨᠳᠦᠰᠦᠲᠡᠨ ᠤ ᠣᠷᠣᠨ ᠨᠤᠲᠤᠭ ᠤᠨ ᠰᠤᠷᠪᠤᠯᠵᠢ ᠪᠢᠴᠢᠭ ᠤᠨ ᠤᠩᠰᠢᠯᠭ᠎ᠠ ᠶᠢᠨ ᠲᠠᠰᠤᠭ᠂ ᠭᠠᠷ ᠠᠪᠤᠯᠭ᠎ᠠ ᠶᠢᠨ ᠨᠣᠮ ᠤᠨ ᠤᠩᠰᠢᠯᠭ᠎ᠠ ᠶᠢᠨ ᠲᠠᠰᠤᠭ᠂ ᠡᠷᠲᠡᠨ ᠤ ᠨᠣᠮ ᠪᠢᠴᠢᠭ ᠤᠨ ᠤᠩᠰᠢᠯᠭ᠎ᠠ ᠶᠢᠨ ᠲᠠᠰᠤᠭ︔ 24 ᠴᠠᠭ ᠤᠨ ᠥᠪᠡᠷᠲᠡᠭᠡᠨ ᠦᠢᠯᠡᠴᠢᠯᠡᠭᠦᠯᠬᠦ ᠨᠣᠮ ᠤᠨ ᠰᠠᠩ᠃      ᠡᠯ᠎ᠡ ᠤᠩᠰᠢᠯᠭ᠎ᠠ ᠶᠢᠨ ᠲᠠᠰᠤᠭ ᠤᠨ ᠨᠡᠭᠡᠭᠡᠬᠦ ᠴᠠᠭ ᠨᠢ ᠭᠠᠷᠠᠭ ᠤᠨ ᠨᠢᠭᠡᠨ ᠤ ᠦᠳᠡ ᠶᠢᠨ ᠡᠮᠦᠨ᠎ᠡ ᠡᠭᠦᠳᠡ ᠪᠠᠨ ᠬᠠᠭᠠᠨ᠎ᠠ ︵12 ᠳ᠋ᠤᠭᠠᠷ ᠰᠠᠷ᠎ᠠ ᠶᠢᠨ 12 ᠤᠨ ᠡᠳᠦᠷ ᠬᠡᠪ ᠤᠨ ᠶᠣᠰᠣᠭᠠᠷ ᠡᠭᠦᠳᠡ ᠪᠠᠨ ᠨᠡᠭᠡᠭᠡᠨ᠎ᠡ︶ ᠭᠠᠷᠠᠭ ᠤᠨ ᠨᠢᠭᠡᠨ᠄ 14᠄ 30 ︱ 18᠄ 30︔ ᠭᠠᠷᠠᠭ ᠤᠨ ᠬᠤᠶᠠᠷ  ᠠᠴᠠ ᠭᠠᠷᠠᠭ ᠤᠨ ᠡᠳᠦᠷ ᠪᠣᠯᠲᠠᠯ᠎ᠠ᠄ 8᠄ 30 ︱ 18᠄ 30︔ 24 ᠴᠠᠭ ᠤᠨ ᠥᠪᠡᠷᠲᠡᠭᠡᠨ ᠦᠢᠯᠡᠴᠢᠯᠡᠭᠦᠯᠬᠦ ᠨᠣᠮ ᠤᠨ ᠰᠠᠩ  ᠪᠦᠬᠦᠯᠢ 24 ᠴᠠᠭ ᠢᠶᠠᠷ ᠨᠡᠭᠡᠭᠡᠨ᠎ᠡ᠃ ᠤᠩᠰᠢᠭᠴᠢᠳ ᠦᠨᠡᠮᠯᠡᠯ ᠠᠪᠬᠤ ᠭᠠᠵᠠᠷ ᠤᠨ ᠨᠡᠭᠡᠭᠡᠬᠦ ᠴᠠᠭ ᠨᠢ ᠭᠠᠷᠠᠭ ᠤᠨ ᠨᠢᠭᠡᠨ ᠤ ᠦᠳᠡ ᠶᠢᠨ ᠡᠮᠦᠨ᠎ᠡ ᠡᠭᠦᠳᠡ ᠪᠠᠨ ᠬᠠᠭᠠᠨ᠎ᠠ ︵12 ᠳ᠋ᠤᠭᠠᠷ ᠰᠠᠷ᠎ᠠ ᠶᠢᠨ 12 ᠤᠨ ᠡᠳᠦᠷ ᠬᠡᠪ ᠤᠨ ᠶᠣᠰᠣᠭᠠᠷ ᠡᠭᠦᠳᠡ ᠪᠠᠨ ᠨᠡᠭᠡᠭᠡᠨ᠎ᠡ︶ ᠭᠠᠷᠠᠭ ᠤᠨ ᠨᠢᠭᠡᠨ᠄ 14᠄ 30 ︱ 17᠄ 30︔ ᠭᠠᠷᠠᠭ ᠤᠨ ᠬᠤᠶᠠᠷ ᠠᠴᠠ ᠭᠠᠷᠠᠭ ᠤᠨ ᠡᠳᠦᠷ᠄ ᠦᠳᠡ ᠶᠢᠨ ᠡᠮᠦᠨ᠎ᠡ᠄ 08᠄ 30 ︱ 12᠄ 00᠂ ᠦᠳᠡ ᠶᠢᠨ ᠬᠤᠶᠢᠨ᠎ᠠ᠄ 14᠄ 30 ︱ 17᠄ 30᠃      ᠤᠩᠰᠢᠭᠴᠢᠳ ᠨᠣᠮ ᠤᠨ ᠰᠠᠩ ᠳᠤ ᠣᠷᠣᠬᠤ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠣᠯᠣᠨ ᠡᠷᠡᠭᠦᠯ ᠮᠡᠨᠳᠦ ᠵᠢ᠊ ᠺᠣᠳ᠋ ᠢ ᠳᠠᠭᠢᠵᠤ ᠪᠠᠶᠢᠴᠠᠭᠠᠬᠤ ᠦᠭᠡᠢ᠂ ᠭᠡᠬᠦ ᠳᠡᠭᠡᠨ ᠡᠷᠬᠡᠪᠰᠢ ᠠᠮᠠᠪᠴᠢ ᠪᠠᠨ ᠰᠢᠨᠵᠢᠯᠡᠬᠦ ᠤᠬᠠᠭᠠᠨᠴᠢ ᠪᠠᠷ ᠵᠡᠭᠦᠨ᠎ᠡ᠂ ᠪᠡᠶ᠎ᠡ ᠶᠢᠨ ᠳᠤᠯᠠᠭᠠᠨ ᠢ ᠬᠡᠮᠵᠢᠵᠦ᠂ ᠠᠶᠤᠯᠲᠠᠢ ᠪᠣᠳᠠᠰ  ᠢ ᠪᠠᠶᠢᠴᠠᠭᠠᠨ᠎ᠠ᠃ ᠨᠣᠮ ᠤᠨ ᠰᠠᠩ ᠠᠴᠠ ᠨᠣᠮ ᠤᠨ ᠰᠠᠩ ᠳᠤ ᠪᠠᠶᠢᠭ᠎ᠠ ᠬᠥᠮᠥᠨ ᠤ ᠲᠤᠭ᠎ᠠ  ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠬᠢᠵᠠᠭᠠᠷᠯᠠᠵᠤ᠂ ᠥᠨᠥᠳᠥᠷ ᠠᠴᠠ ᠡᠬᠢᠯᠡᠨ ᠨᠣᠮ ᠤᠨ ᠰᠠᠩ ᠳᠤ ᠪᠠᠶᠢᠭ᠎ᠠ ᠬᠥᠮᠥᠨ ᠤ ᠲᠤᠭ᠎ᠠ ᠶᠢ ᠲᠤᠬᠠᠢ ᠶᠢᠨ ᠴᠠᠭ ᠲᠤᠨᠢ 1000 ᠬᠦᠮᠦᠨ ᠢᠶᠠᠷ ᠬᠢᠵᠠᠭᠠᠷᠯᠠᠨ᠎ᠠ᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ