ᠠᠩᠬᠠᠷ︕ ᠵᠥᠪᠭᠡᠨ ᠡᠨᠡ ᠲᠠᠪᠤᠨ ᠵᠦᠢᠯ ᠤᠨ ᠺᠣᠳ᠋ ᠲᠠᠢ ᠠᠮᠠᠪᠴᠢ ᠨᠢ ᠰᠠᠶ᠋ᠢ ᠬᠢᠵᠢᠭ ᠢ ᠰᠡᠷᠭᠡᠶᠢᠯᠡᠵᠦ ᠴᠢᠳᠠᠨ᠎ᠠ
ᠨᠡᠶᠢᠲᠡᠯᠡᠭᠰᠡᠨ ᠴᠠᠭ᠄
2022/12/14
      ᠲᠠᠨ ᠤ ᠵᠡᠭᠦᠭᠰᠡᠨ ᠠᠮᠠᠪᠴᠢ ᠦᠨᠡᠬᠡᠷ ᠬᠢᠵᠢᠭ ᠢ ᠰᠡᠷᠭᠡᠶᠢᠯᠡᠬᠦ ᠴᠢᠳᠠᠮᠵᠢ ᠲᠠᠢ ᠦᠦ︖      ᠵᠠᠬ᠎ᠠ ᠳᠡᠯᠭᠡᠭᠦᠷ ᠳᠡᠭᠡᠷ᠎ᠡ ᠬᠤᠸᠠᠷ ᠳᠠᠷᠤᠮᠠᠯᠯᠠᠭᠰᠠᠨ ᠠᠮᠠᠪᠴᠢ ᠶᠢ ᠰᠠᠨᠠᠭ᠎ᠠ ᠠᠮᠤᠷ ᠵᠡᠭᠦᠵᠦ ᠪᠣᠯᠣᠨ᠎ᠠ ᠦᠦ︖      ᠠᠮᠠᠪᠴᠢ ᠰᠣᠩᠭᠤᠬᠤ ᠳᠤ ᠶᠠᠭᠤ ᠶᠢ ᠠᠩᠬᠠᠷᠪᠠᠯ ᠵᠣᠬᠢᠬᠤ ᠪᠤᠢ︖      ᠨᠢᠭᠡ ᠠᠮᠠᠪᠴᠢ ᠳᠤ ᠬᠢᠵᠢᠭ ᠢ ᠰᠡᠷᠭᠡᠶᠢᠯᠡᠬᠦ ᠴᠢᠳᠠᠮᠵᠢ ᠪᠠᠶᠢᠬᠤ ᠡᠰᠡᠬᠦ ᠶᠢ ᠮᠠᠭᠠᠳᠯᠠᠬᠤ ᠳᠤ᠂ ᠬᠠᠮᠤᠭ ᠤᠨ ᠵᠠᠩᠭᠢᠯᠠᠭ᠎ᠠ ᠶᠢᠨ ᠨᠢᠭᠡ ᠵᠦᠢᠯ ᠪᠣᠯ ᠺᠣᠳ᠋ ᠢ ᠦᠵᠡᠬᠦ ᠶᠠᠪᠤᠳᠠᠯ ᠪᠣᠯᠣᠨ᠎ᠠ︕      ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠳᠤ ᠦᠨᠡᠨ ᠬᠦ ᠬᠦᠷᠴᠦ ᠳᠡᠶᠢᠯᠭᠦ ᠨᠢ ᠵᠥᠪᠭᠡᠨ ᠡᠨᠡ ᠲᠠᠪᠤᠨ ᠵᠦᠢᠯ ᠤᠨ ᠺᠣᠳ᠋ ᠲᠠᠢ ᠠᠮᠠᠪᠴᠢ ᠪᠣᠯᠣᠨ᠎ᠠ᠄      ᠡᠮᠴᠢᠯᠡᠭᠡᠨ ᠳᠤ ᠬᠡᠷᠡᠭᠯᠡᠬᠦ ᠬᠠᠮᠠᠭᠠᠯᠠᠯᠲᠠ ᠶᠢᠨ ᠠᠮᠠᠪᠴᠢ︵GB19083–2010︶      ᠡᠮᠨᠡᠯᠭᠡ ᠶᠢᠨ ᠭᠠᠳᠠᠷ ᠰᠠᠯᠠᠭᠠᠨ ᠤ ᠠᠮᠠᠪᠴᠢ︵YY 0469 – 2011︶      ᠨᠢᠭᠡ ᠯᠡ ᠤᠳᠠᠭ᠎ᠠ ᠬᠡᠷᠡᠭᠯᠡᠬᠦ ᠡᠮᠴᠢᠯᠡᠭᠡᠨ ᠳᠤ ᠬᠡᠷᠡᠭᠯᠡᠬᠦ ᠠᠮᠠᠪᠴᠢ︵YY/ T0969 – 2013︶      ᠡᠳᠦᠷ ᠲᠤᠲᠤᠮ  ᠤᠨ ᠬᠠᠮᠠᠭᠠᠯᠠᠬᠤ ᠭᠡᠯᠪᠡᠷᠢ  ᠶᠢᠨ ᠠᠮᠠᠪᠴᠢ︵GB/T 32610-2016︶      ᠬᠡᠦᠬᠡᠳ ᠤᠨ ᠠᠮᠠᠪᠴᠢ ︵GB / T 38880-2020︶ 
6380656252470018182368413.jpg
           ᠳᠡᠭᠡᠷᠡᠬᠢ ᠺᠣᠳ᠋ ᠦᠭᠡᠢ ᠠᠮᠠᠪᠴᠢ ᠨᠢ ᠴᠥᠮ ᠬᠢᠵᠢᠭ ᠢ ᠰᠡᠷᠭᠡᠶᠢᠯᠡᠬᠦ ᠪᠠᠷᠢᠮᠵᠢᠶ᠎ᠠ ᠳᠤ ᠭᠦᠷᠦᠭᠰᠡᠨ ᠦᠭᠡᠢ᠃ ᠤᠯᠤᠰ ᠠᠴᠠ ᠠᠷᠠᠳ ᠤᠨ ᠬᠡᠷᠡᠭᠯᠡᠭᠡᠨ ᠤ ᠠᠮᠠᠪᠴᠢ ᠶᠢᠨ ᠪᠤᠳᠤᠭᠲᠤ ᠳᠠᠷᠤᠮᠠᠯᠯᠠᠯ ᠤᠨ ᠬᠠᠮᠢᠶ᠎ᠠ ᠪᠦᠬᠦᠢ ᠶᠠᠰᠤ ᠴᠢᠨᠠᠷ ᠤᠨ ᠲᠤᠬᠠᠢ ᠲᠣᠳᠣᠷᠬᠠᠢ ᠲᠣᠭᠲᠠᠭᠠᠯ ᠭᠠᠷᠭᠠᠪᠠ᠄      ᠠᠮᠠᠪᠴᠢ ᠶᠢᠨ ᠳᠣᠲᠣᠷ᠎ᠠ ᠭᠠᠳᠠᠨᠠᠬᠢ ᠳᠠᠪᠬᠤᠷᠭ᠎ᠠ ᠶᠢᠨ ᠥᠩᠭᠡ ᠶᠢ ᠭᠤᠷᠪᠠᠨ ᠳᠡᠰ ᠠᠴᠠ ᠳᠣᠷᠣᠭᠰᠢ ᠪᠠᠶᠢᠯᠭᠠᠵᠤ ᠪᠤᠯᠬᠤ ᠦᠭᠡᠢ ᠭᠡᠵᠦ ᠱᠠᠭᠠᠷᠳᠠᠵᠤ᠂ ᠪᠤᠳᠤᠭ ᠱᠠᠭᠠᠷᠠᠬᠤ ᠠᠴᠠ ᠪᠣᠯᠵᠤ ᠬᠥᠮᠥᠨ ᠤ ᠪᠡᠶ᠎ᠡ ᠶᠢᠨ ᠨᠢᠭᠤᠷ ᠤᠨ ᠠᠷᠠᠰᠤ ᠮᠢᠬᠠᠨ ᠳᠤ ᠨᠥᠯᠥᠭᠡᠯᠡᠯ ᠪᠤᠯᠬᠤ ᠠᠴᠠ ᠰᠡᠷᠭᠡᠶᠢᠯᠡᠬᠦ ᠬᠡᠷᠡᠭᠲᠡᠢ᠃      ᠲᠠᠨ ᠤ ᠵᠡᠭᠦᠭᠡ ᠠᠮᠠᠪᠴᠢ ᠴᠢᠨᠢ ᠬᠢᠵᠢᠭ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠭᠦ ᠡᠰᠡᠬᠦ ᠶᠢ ᠬᠤᠷᠳᠤᠨ ᠪᠠᠶᠢᠴᠠᠭᠠᠵᠤ ᠦᠵᠡᠭᠡᠷᠡᠢ︕ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ