ᠰᠢᠨ᠎ᠡ ᠬᠤᠲᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠦᠢᠯᠡᠴᠢᠯᠡᠭᠡ ᠬᠡᠪ ᠤᠨ ᠪᠠᠶᠢᠳᠠᠯ ᠳᠠᠭᠠᠨ ᠣᠷᠣᠪᠠ
ᠨᠡᠶᠢᠲᠡᠯᠡᠭᠰᠡᠨ ᠴᠠᠭ᠄
2022/12/15
20221215.jpg
     12 ᠳ᠋ᠤᠭᠠᠷ ᠰᠠᠷ᠎ᠠ ᠶᠢᠨ 12 ᠤᠨ ᠡᠳᠦᠷ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠤᠲᠠ ᠶᠢᠨ ᠠᠷᠠᠳ ᠶᠠᠭ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠵᠡᠷᠭᠡ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠠᠶᠢᠨ᠎ᠠ᠃      ᠣᠶᠢᠯᠠᠭᠠᠭᠰᠠᠨ ᠢᠶᠠᠷ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠳᠡᠭᠡᠷ᠎ᠡ ᠭᠠᠷᠠᠭ ᠠᠴᠠ ᠡᠬᠢᠯᠡᠨ ᠰᠦᠯᠵᠢᠶᠡᠨ ᠭᠠᠳᠠᠨᠠᠬᠢ ᠲᠤᠬᠠᠶᠢᠯᠠᠭᠰᠠᠨ ᠠᠵᠢᠯ ᠢᠶᠠᠨ ᠰᠡᠷᠭᠦᠭᠡᠵᠦ᠂ ᠣᠳᠣᠬᠠᠨ ᠳᠤ ᠶᠡᠭᠡ ᠲᠢᠩᠬᠢᠮ ᠳᠤ ᠲᠣᠬᠢᠷᠠᠭᠤᠯᠤᠭᠰᠠᠨ 52 ᠴᠣᠩᠬᠤ᠂ 789 ᠵᠦᠢᠯ ᠤᠨ ᠲᠤᠬᠠᠶᠢᠯᠠᠭᠰᠠᠨ ᠠᠵᠢᠯ ᠢ ᠴᠥᠮ ᠰᠦᠯᠵᠢᠶᠡᠨ ᠭᠠᠳᠠᠨ᠎ᠠ ᠭᠦᠢᠴᠡᠳᠬᠡᠵᠦ ᠪᠣᠯᠬᠤ ᠪᠣᠯᠪᠠ᠃ ᠠᠵᠢᠯ ᠶᠠᠪᠤᠳᠠᠯ ᠬᠦᠢᠴᠡᠳᠭᠡᠬᠦ ᠲᠢᠩᠬᠢᠮ ᠠᠴᠠ ᠭᠠᠳᠠᠨ᠎ᠠ᠂ ᠲᠣᠰ ᠲᠥᠪ ᠲᠤ ᠪᠠᠰᠠ 24 ᠴᠠᠭ ᠤᠨ ᠵᠠᠰᠠᠭ ᠤᠨ ᠶᠠᠪᠤᠳᠠᠯ ᠤᠨ ᠬᠡᠲᠦ ᠳᠡᠯᠭᠡᠭᠦᠷ ᠭᠠᠷᠭᠠᠵᠤ᠂ 7×24 ᠴᠠᠭ ᠤᠨ ᠪᠥᠬᠦ ᠴᠠᠭ ᠲᠤ ᠨᠡᠭᠡᠭᠡᠵᠦ᠂ ᠬᠤᠲᠠ ᠶᠢᠨ ᠠᠷᠠᠳ ᠤᠰᠤ ᠴᠠᠬᠢᠯᠭᠠᠨ ᠰᠢᠲᠠᠮᠠᠬᠠᠢ ᠬᠡᠢ ᠶᠢᠨ ᠰᠦᠢᠳᠬᠡᠯ ᠲᠤᠰᠢᠶᠠᠬᠤ᠂ ᠵᠢᠯᠣᠭᠤᠴᠢ ᠶᠢᠨ ᠦᠨᠡᠮᠯᠡᠯ ᠢ ᠥᠪᠡᠷᠲᠡᠭᠡᠨ ᠪᠠᠶᠢᠴᠠᠭᠠᠯᠭᠠᠬᠤ᠂ ᠪᠡᠶ᠎ᠡ ᠶᠢᠨ ᠦᠨᠡᠮᠯᠡᠯ ᠰᠣᠯᠢᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ᠃ ᠰᠤᠷᠪᠤᠯᠵᠢᠯᠠᠭᠴᠢ ᠯᠢᠦ ᠱᠠ ᠱᠠ ᠴᠢᠮᠡᠭᠡᠯᠡᠭᠴᠢ ᠯᠢ ᠵᠢᠶᠧ  ᠰᠤ᠋ ᠸᠧᠨ ᠳ᠋ᠦᠸᠧ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ