- ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠲᠤᠰᠬᠠᠢ ᠮᠡᠷᠭᠡᠵᠢᠯᠲᠡᠨ ᠬᠢᠵᠢᠭ ᠢ | ᠰᠡᠷᠭᠡᠶᠢᠯᠡᠬᠦ ᠬᠠᠯᠠᠮᠰᠢᠯ ᠠᠰᠠᠭᠤᠯᠲᠠ ᠳᠤ ᠬᠠᠷᠢᠭᠤᠯᠲᠠ ᠥᠭᠪᠡ | ᠤᠮᠢᠺᠷᠤᠨ ᠤ ᠡᠪᠡᠳᠴᠢᠨ ᠡᠭᠦᠰᠬᠡᠬᠦ ᠬᠦᠴᠦ ᠨᠢ ᠪᠠᠭᠤᠷᠠᠵᠤ ᠪᠠᠶᠢᠬᠤ ᠤᠴᠢᠷ ᠠᠴᠠ ᠬᠠᠯᠳᠠᠪᠤᠷᠢᠯᠠᠭᠰᠠᠨ ᠤ ᠳᠠᠷᠠᠭ᠎ᠠ ᠣᠯᠠᠩᠬᠢ ᠨᠢ ᠡᠪᠡᠳᠴᠢᠨ ᠤ | ᠢᠯᠡᠷᠡᠯ ᠦᠭᠡᠢ ᠪᠤᠶᠤ ᠬᠥᠩᠭᠡᠨ ᠢᠯᠡᠷᠡᠯ ᠲᠠᠢ ᠪᠠᠶᠢᠳᠠᠭ᠃ ᠵᠥᠪᠭᠡᠨ ᠬᠠᠨᠢᠶᠠᠵᠤ᠂ ᠬᠠᠯᠠᠭᠤᠷᠠᠪᠠᠯ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠴᠢ ᠳᠤ | ᠲᠣᠭᠠᠴᠠᠭᠳᠠᠨ᠎ᠠ ᠦᠦ︖ ᠨᠢᠭᠡ ᠤᠳᠠᠭ᠎ᠠ︽ᠠᠷᠭ᠎ᠠ︾ᠪᠣᠯᠵᠤ ᠥᠩᠭᠡᠷᠡᠭᠰᠡᠨ ᠪᠣᠯ ᠪᠠᠰᠠ︽ᠠᠷᠭ᠎ᠠ︾ ᠪᠤᠯᠬᠤ ᠪᠣᠯᠣᠯᠴᠠᠭ᠎ᠠ ᠲᠠᠢ ᠦᠦ︖ ᠤᠯᠠᠨ ᠨᠡᠶᠢᠲᠡ ᠶᠢᠨ | ᠠᠩᠬᠠᠷᠴᠤ ᠪᠠᠶᠢᠭ᠎ᠠ ᠬᠠᠯᠠᠮᠰᠢᠯ ᠠᠰᠠᠭᠤᠯᠲᠠ ᠶᠢᠨ ᠲᠣᠭᠤᠷᠢᠨ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ | ᠡᠵᠡᠮᠳᠡᠬᠦ ᠲᠣᠭᠲᠠᠴᠠ ᠶᠢᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠲᠤᠰᠬᠠᠢ ᠮᠡᠷᠭᠡᠵᠢᠯ ᠤᠨ ᠬᠠᠷᠢᠭᠤᠯᠲᠠ ᠥᠭᠪᠡ᠃ | ᠠᠰᠠᠭᠤᠯᠲᠠ᠄ ᠰᠢᠨ᠎ᠡ ᠲᠢᠲᠢᠮᠯᠢᠭ ᠸᠢᠷᠦ᠋ᠰ ᠤᠨ ᠠᠷᠭ᠎ᠠ ᠴᠢᠨᠠᠷᠲᠠᠢ ᠬᠠᠯᠳᠠᠪᠤᠷᠢᠯᠠᠭᠴᠢ ᠵᠥᠪᠭᠡᠨ ᠬᠠᠨᠢᠶᠠᠵᠤ ᠬᠠᠯᠠᠭᠤᠷᠠᠬᠤ ᠢᠯᠡᠷᠡᠯ ᠭᠠᠷᠪᠠᠯ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠴᠢ ᠳᠤ ᠲᠣᠭᠠᠴᠠᠭᠳᠠᠨ᠎ᠠ ᠦᠦ︖ | ᠬᠠᠷᠢᠭᠤᠯᠲᠠ᠄ ᠠᠷᠭ᠎ᠠ ᠴᠢᠨᠠᠷᠲᠠᠢ ᠬᠠᠯᠳᠠᠪᠤᠷᠢᠯᠠᠭᠴᠢ ᠵᠥᠪᠭᠡᠨ ᠬᠠᠨᠢᠶᠠᠵᠤ ᠬᠠᠯᠠᠭᠤᠷᠠᠬᠤ ᠢᠯᠡᠷᠡᠯ ᠭᠠᠷᠴᠤ᠂ ᠠᠭᠤᠰᠬᠢᠨ ᠬᠡᠰᠡᠭ ᠤᠨ ᠬᠠᠯᠳᠠᠪᠤᠷᠢᠯᠠᠯ | ᠢᠯᠡᠷᠡᠭᠰᠡᠨ ᠦᠭᠡᠢ ᠪᠣᠯ᠂ ᠬᠥᠩᠭᠡᠨ ᠢᠯᠡᠷᠡᠯ ᠲᠠᠢ ᠡᠪᠡᠳᠴᠢᠨ ᠤ ᠵᠢᠱᠢᠶ᠎ᠡ ᠳᠤ ᠲᠣᠭᠠᠴᠠᠭᠳᠠᠨ᠎ᠠ᠂ ᠭᠡᠪᠡᠴᠦ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠴᠢ | ᠪᠢᠰᠢ᠃ ᠣᠳᠣᠬᠠᠨ ᠤ ᠪᠦᠭᠦ ᠤᠯᠤᠰ ᠤᠨ ᠡᠪᠡᠳᠴᠢᠨ ᠤ ᠵᠢᠱᠢᠶ᠎ᠡ ᠶᠢᠨ ᠲᠤᠭ᠎ᠠ ᠪᠠᠷᠢᠮᠲᠠ ᠠᠴᠠ ᠦᠵᠡᠪᠡᠯ᠂ ᠤᠮᠢᠺᠷᠤᠨ ᠸᠢᠷᠦ᠋ᠰ ᠲᠤ ᠬᠠᠯᠳᠠᠪᠤᠷᠢᠯᠠᠭᠰᠠᠨ ᠤ | ᠳᠠᠷᠠᠭ᠎ᠠ ᠡᠪᠡᠳᠴᠢᠨ ᠤ ᠢᠯᠡᠷᠡᠯ ᠦᠭᠡᠢ ᠪᠠ ᠬᠥᠩᠭᠡᠨ ᠢᠯᠡᠷᠡᠯ ᠲᠠᠢ ᠡᠪᠡᠳᠴᠢᠨ ᠤ ᠵᠢᠱᠢᠶ᠎ᠡ ᠪᠠᠷᠤᠭ 90% ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃ | ᠣᠳᠣᠬᠠᠨ ᠤ ᠲᠣᠮᠢᠶᠠᠯᠠᠯ ᠢᠶᠠᠷ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠭᠡᠳᠡᠭ ᠨᠢ ᠰᠢᠨ᠎ᠡ ᠲᠢᠲᠢᠮᠯᠢᠭ ᠸᠢᠷᠦ᠋ᠰ ᠤᠨ ᠡᠪᠡᠳᠴᠢᠨ | ᠡᠭᠦᠰᠬᠡᠭᠴᠢ ᠶᠢᠨ ᠰᠤᠳᠤᠯᠤᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠬᠠᠮᠢᠶ᠎ᠠ ᠪᠦᠬᠦᠢ ᠡᠮᠴᠢᠯᠡᠭᠡᠨ ᠤ ᠢᠯᠡᠷᠡᠯ ᠭᠠᠷᠤᠭᠰᠠᠨ ᠦᠭᠡᠢ ᠪᠠᠶᠢᠬᠤ ᠶᠢ | ᠵᠢᠭᠠᠵᠤ ᠪᠠᠶᠢᠨ᠎ᠠ᠂ ᠵᠢᠱᠢᠶᠡᠯᠡᠪᠡᠯ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠭᠦ᠂ ᠦᠨᠦᠷᠯᠡᠬᠦ ᠰᠡᠷᠡᠯ ᠪᠠᠭᠤᠷᠠᠬᠤ᠂ ᠰᠠᠭᠤᠯᠭᠠᠬᠤ | ᠵᠡᠷᠭᠡ ᠥᠪᠡᠷ ᠢᠶᠠᠨ ᠰᠡᠷᠡᠵᠦ ᠮᠡᠳᠡᠭᠦ ᠪᠤᠶᠤ ᠡᠮᠴᠢᠯᠡᠭᠡ ᠪᠠᠷ ᠢᠯᠭᠠᠨ ᠲᠠᠨᠢᠵᠤ ᠪᠤᠯᠬᠤ ᠡᠪᠡᠳᠴᠢᠨ ᠤ ᠢᠯᠡᠷᠡᠯ ᠪᠠ ᠪᠡᠶ᠎ᠡ ᠶᠢᠨ ᠢᠯᠡᠷᠡᠯ ᠦᠭᠡᠢ ᠮᠥᠷᠲᠡᠭᠡᠨ CT | ᠳᠦᠷᠰᠦ ᠰᠢᠩᠭᠡᠭᠡᠯᠲᠡ ᠶᠢᠨ ᠤᠬᠠᠭᠠᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠳᠦᠷᠰᠦ ᠰᠢᠩᠭᠡᠭᠡᠯᠲᠡ ᠶᠢᠨ ᠤᠬᠠᠭᠠᠨ ᠤ ᠣᠨᠴᠠᠯᠢᠭ ᠦᠭᠡᠢ | ᠬᠥᠮᠥᠰ ᠢ ᠵᠢᠭᠠᠵᠤ ᠪᠠᠶᠢᠨ᠎ᠠ᠃ | ᠬᠥᠩᠭᠡᠨ ᠡᠪᠡᠳᠴᠢᠲᠡᠨ ᠨᠢ ᠵᠢᠭᠠᠬᠠᠨ ᠬᠠᠯᠠᠭᠤᠷᠠᠬᠤ᠂ ᠬᠤᠭᠤᠯᠠᠢ ᠬᠠᠲᠠᠬᠤ᠂ ᠬᠤᠭᠤᠯᠠᠢ ᠡᠪᠡᠳᠭᠦ᠂ ᠬᠠᠮᠠᠷ ᠪᠥᠭᠯᠡᠷᠡᠬᠦ᠂ ᠨᠢᠰᠤ ᠭᠤᠭᠤᠵᠢᠬᠤ ᠵᠡᠷᠭᠡ | ᠠᠮᠢᠰᠬᠤᠯ ᠤᠨ ᠳᠡᠭᠡᠳᠦ ᠵᠠᠮ ᠤᠨ ᠬᠠᠯᠳᠠᠪᠤᠷᠢᠯᠠᠯ ᠤᠨ ᠡᠪᠡᠳᠴᠢᠨ ᠤ ᠢᠯᠡᠷᠡᠯ ᠵᠢᠴᠢ ᠲᠠᠮᠢᠷᠳᠠᠬᠤ᠂ ᠦᠨᠦᠷᠯᠡᠬᠦ ᠰᠡᠷᠡᠯ ᠬᠠᠷᠰᠢᠯᠠᠭᠳᠠᠬᠤ ᠵᠡᠷᠭᠡ ᠡᠪᠡᠳᠴᠢᠨ ᠤ | ᠢᠯᠡᠷᠡᠯ ᠭᠠᠷᠬᠤ ᠪᠤᠯᠪᠠᠴᠤ ᠠᠭᠤᠰᠬᠢᠨ ᠦᠷᠪᠢᠰᠦᠯ ᠤᠨ ᠢᠯᠡᠷᠡᠯ ᠦᠭᠡᠢ᠃ | ᠠᠰᠠᠭᠤᠯᠲᠠ᠄ ᠨᠢᠭᠡ ᠤᠳᠠᠭ᠎ᠠ︽ᠠᠷᠭ᠎ᠠ︾ᠪᠣᠯᠵᠤ ᠥᠩᠭᠡᠷᠡᠭᠰᠡᠨ ᠪᠣᠯ ᠪᠠᠰᠠ︽ᠠᠷᠭ᠎ᠠ︾ ᠪᠤᠯᠬᠤ ᠪᠣᠯᠣᠯᠴᠠᠭ᠎ᠠ ᠲᠠᠢ ᠦᠦ︖ ᠬᠡᠳᠦᠢ ᠤᠳᠠᠭᠠᠳ ᠬᠤᠶᠠᠳᠠᠭᠢ | ᠤᠳᠠᠭ᠎ᠠ ᠬᠠᠯᠳᠠᠪᠤᠷᠢᠯᠠᠬᠤ ᠪᠣᠯᠣᠯᠴᠠᠭ᠎ᠠ ᠲᠠᠢ ᠪᠤᠢ︖ | ᠬᠠᠷᠢᠭᠤᠯᠲᠠ᠄ ᠰᠢᠨ᠎ᠡ ᠲᠢᠲᠢᠮᠯᠢᠭ ᠸᠢᠷᠦ᠋ᠰ ᠲᠤ ᠨᠢᠭᠡ ᠤᠳᠠᠭ᠎ᠠ ᠬᠠᠯᠳᠠᠪᠤᠷᠢᠯᠠᠭᠳᠠᠵᠤ ᠥᠩᠭᠡᠷᠡᠪᠡᠯ᠂ ᠬᠥᠮᠥᠨ ᠤ ᠪᠡᠶ᠎ᠡ ᠳᠤ ᠪᠦᠷᠢᠯᠳᠦᠭᠰᠡᠨ | ᠡᠭᠡᠯᠢᠯᠡᠭᠡ ᠶᠢᠨ ᠴᠢᠳᠠᠪᠤᠷᠢ ᠨᠢ ᠵᠣᠬᠢᠬᠤ ᠬᠡᠮᠵᠢᠶᠡᠨ ᠤ ᠬᠠᠮᠠᠭᠠᠯᠠᠬᠤ ᠦᠢᠯᠡᠳᠦᠯ ᠦᠵᠡᠭᠦᠯᠳᠡᠭ᠃ ᠭᠡᠪᠡᠴᠦ ᠤᠮᠢᠺᠷᠤᠨ ᠮᠠᠰᠢ ᠲᠦᠷᠭᠡᠨ ᠢᠶᠠᠷ ᠰᠢᠨ᠎ᠡ ᠳᠡᠳ᠋ | ᠰᠠᠯᠪᠤᠷᠢ ᠲᠠᠢ ᠪᠣᠯᠵᠤ᠂ ᠨᠡᠯᠢᠶᠡᠳ ᠴᠢᠩᠭ᠎ᠠ ᠡᠭᠡᠯᠢᠯᠡᠭᠡ ᠠᠴᠠ ᠳᠤᠲᠠᠭᠠᠬᠤ ᠴᠢᠳᠠᠪᠤᠷᠢ ᠲᠠᠢ ᠪᠣᠯᠵᠤ ᠮᠡᠳᠡᠨ᠎ᠡ᠂ ᠡᠷᠡᠭᠦᠯᠵᠢᠭᠰᠡᠳ ᠬᠤᠶᠠᠳᠠᠭᠢ ᠤᠳᠠᠭ᠎ᠠ | ᠬᠠᠯᠳᠠᠪᠤᠷᠢᠯᠠᠭᠳᠠᠬᠤ ᠠᠴᠠ ᠪᠦᠷᠢᠮᠦᠰᠦᠨ ᠵᠠᠶᠢᠯᠠᠰᠬᠢᠵᠦ ᠴᠢᠳᠠᠬᠤ ᠦᠭᠡᠢ ᠶᠤᠮ᠃ | ᠭᠡᠪᠡᠴᠦ᠂ ᠭᠠᠳᠠᠭᠠᠳᠤ ᠶᠢᠨ ᠪᠦᠷᠢᠳᠬᠡᠭᠰᠡᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠤᠮᠢᠺᠷᠤᠨ ᠲᠤ ᠬᠠᠯᠳᠠᠪᠤᠷᠢᠯᠠᠭᠳᠠᠵᠤ ᠥᠩᠭᠡᠷᠡᠭᠰᠡᠨ ᠪᠣᠯ | ᠡᠪᠡᠳᠴᠢᠨ ᠤ ᠢᠯᠡᠷᠡᠯ ᠭᠠᠷᠤᠭᠰᠠᠨ ᠡᠰᠡᠬᠦ ᠬᠠᠮᠢᠶ᠎ᠠ ᠦᠭᠡᠢ᠂ 3 ᠠᠴᠠ 6 ᠰᠠᠷ᠎ᠠ ᠶᠢᠨ ᠳᠣᠲᠣᠷ᠎ᠠ ᠬᠤᠶᠠᠳᠠᠭᠢ ᠤᠳᠠᠭ᠎ᠠ ᠬᠠᠯᠳᠠᠪᠤᠷᠢᠯᠠᠭᠳᠠᠬᠤ ᠲᠣᠬᠢᠶᠠᠯᠳᠤᠮᠵᠢ | ᠨᠢ ᠨᠡᠯᠢᠶᠡᠳ ᠳᠣᠣᠷ᠎ᠠ ᠪᠠᠶᠢᠵᠤ᠂ ᠣᠯᠠᠩᠬᠢ ᠬᠥᠮᠥᠰ ᠨᠡᠯᠢᠶᠡᠳ ᠣᠷᠳᠣ ᠬᠤᠭᠤᠴᠠᠭᠠᠨ ᠳᠤ ᠤᠮᠢᠺᠷᠤᠨ ᠳᠤ ᠳᠠᠭᠢᠨ ᠬᠠᠯᠳᠠᠪᠤᠷᠢᠯᠠᠭᠳᠠᠬᠤ ᠦᠭᠡᠢ ᠶᠤᠮ᠃ | ᠬᠤᠪᠢ ᠬᠥᠮᠥᠨ ᠳᠤ ᠠᠪᠴᠤ ᠬᠡᠯᠡᠪᠡᠯ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠬᠠᠮᠤᠭ ᠤᠨ ᠰᠠᠶᠢᠨ ᠠᠷᠭ᠎ᠠ ᠪᠣᠯ ᠮᠥᠨ ᠬᠦ ᠠᠮᠠᠪᠴᠢ ᠵᠡᠭᠦᠭᠦ᠂ | ᠭᠠᠷ ᠤᠨ ᠡᠷᠡᠭᠦᠯ ᠬᠠᠮᠠᠭᠠᠯᠠᠯ ᠢ ᠠᠩᠬᠠᠷᠬᠤ᠂ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠵᠡᠷᠭᠡ ᠶᠢ ᠪᠠᠭᠲᠠᠭᠠᠭᠰᠠᠨ ᠰᠡᠷᠭᠡᠶᠢᠯᠡᠨ ᠬᠠᠮᠠᠭᠠᠯᠠᠬᠤ ᠠᠷᠭ᠎ᠠ | ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠢᠳᠡᠪᠬᠢᠲᠡᠢ ᠳᠠᠷᠢᠵᠤ᠂ ᠬᠠᠯᠳᠠᠪᠤᠷᠢᠯᠠᠬᠤ ᠠᠶᠤᠯ | ᠲᠦᠭᠰᠢᠭᠦᠷᠢ ᠶᠢ ᠪᠠᠭᠤᠷᠠᠭᠤᠯᠬᠤ ᠶᠠᠪᠤᠳᠠᠯ ᠪᠣᠯᠣᠨ᠎ᠠ᠃ | ᠠᠰᠠᠭᠤᠯᠲᠠ᠄ ᠳᠠᠭᠢᠨ ᠳᠠᠪᠲᠠᠨ ᠬᠠᠯᠳᠠᠪᠤᠷᠢᠯᠠᠭᠳᠠᠬᠤ ᠨᠢ ᠡᠪᠡᠳᠴᠢᠨ ᠤ ᠢᠯᠡᠷᠡᠯ ᠢ ᠨᠡᠩ ᠬᠦᠨᠳᠦ ᠪᠤᠯᠭᠠᠬᠤ ᠦᠦ︖ | ᠬᠠᠷᠢᠭᠤᠯᠲᠠ᠄ ᠳᠠᠭᠢᠨ ᠬᠠᠯᠳᠠᠪᠤᠷᠢᠯᠠᠭᠳᠠᠬᠤ ᠨᠢ ᠨᠡᠩ ᠬᠦᠨᠳᠦ ᠨᠣᠴᠢᠲᠠᠢ ᠡᠮᠴᠢᠯᠡᠭᠡᠨ ᠤ ᠦᠷ᠎ᠡ ᠳ᠋ᠦᠩ ᠭᠠᠷᠤᠨ᠎ᠠ ᠭᠡᠳᠡᠭ ᠢ ᠣᠳᠣᠬᠠᠨ ᠳᠤ | ᠨᠤᠲᠠᠯᠠᠭᠠᠳᠤᠢ ᠪᠠᠶᠢᠭᠰᠠᠭᠠᠷ᠃ ᠣᠳᠣᠬᠠᠨ ᠤ ᠡᠪᠡᠳᠴᠢᠨ ᠤ ᠵᠢᠱᠢᠶ᠎ᠡ ᠠᠴᠠ ᠦᠵᠡᠪᠡᠯ᠂ ᠣᠨᠴᠠ ᠵᠠᠷᠢᠮ ᠡᠪᠡᠳᠴᠢᠲᠡᠨ ᠳᠠᠭᠢᠨ ᠬᠠᠯᠳᠠᠪᠤᠷᠢᠯᠠᠭᠳᠠᠬᠤ ᠦᠶ᠎ᠡ ᠳᠤ | ᠡᠪᠡᠳᠴᠢᠨ ᠤ ᠢᠯᠡᠷᠡᠯ ᠨᠢ ᠬᠦᠨᠳᠦᠷᠡᠬᠦ ᠬᠠᠨᠳᠤᠰᠢ ᠲᠠᠢ ᠪᠣᠯᠤᠭᠰᠠᠨ ᠴᠤ ᠡᠨᠡ ᠬᠦ ᠬᠠᠷᠢᠴᠠᠯ ᠨᠢ ᠮᠠᠰᠢ ᠳᠣᠣᠷ᠎ᠠ ᠪᠠᠶᠢᠳᠠᠭ᠃ ᠤᠮᠢᠺᠷᠤᠨ ᠸᠢᠷᠦ᠋ᠰ ᠤᠨ | ᠡᠪᠡᠳᠴᠢᠨ ᠡᠭᠦᠰᠬᠡᠬᠦ ᠬᠦᠴᠦᠨ ᠨᠢ ᠪᠠᠭᠤᠷᠠᠵᠤ ᠪᠠᠶᠢᠨ᠎ᠠ᠂ ᠠᠩᠬ᠎ᠠ ᠤᠳᠠᠭ᠎ᠠ ᠬᠠᠯᠳᠠᠪᠤᠷᠢᠯᠠᠭᠰᠠᠨ ᠴᠤ ᠲᠡᠷᠡ᠂ ᠳᠠᠭᠢᠨ ᠬᠠᠯᠳᠠᠪᠤᠷᠢᠯᠠᠭᠰᠠᠨ ᠴᠤ ᠲᠡᠷᠡ᠂ ᠬᠦᠨᠳᠦ | ᠡᠪᠡᠳᠴᠢᠨ ᠡᠭᠦᠰᠭᠦ ᠲᠣᠬᠢᠶᠠᠯᠳᠤᠮᠵᠢ ᠨᠢ ᠴᠥᠮ ᠮᠠᠰᠢ ᠳᠣᠣᠷ᠎ᠠ ᠶᠤᠮ᠃ | ︵ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 12 ᠤᠨ ᠴᠠᠭᠢᠯᠭᠠᠨ ᠮᠡᠳᠡᠭᠡ︶ |