ᠵᠥᠪᠭᠡᠨ ᠬᠠᠨᠢᠶᠠᠵᠤ ᠬᠠᠯᠠᠭᠤᠷᠠᠬᠤ ᠢᠯᠡᠷᠡᠯ ᠭᠠᠷᠪᠠᠯ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠴᠢ ᠳᠤ ᠲᠣᠭᠠᠴᠠᠭᠳᠠᠨ᠎ᠠ ᠦᠦ︖ ᠨᠢᠭᠡ ᠤᠳᠠᠭ᠎ᠠ ︽ᠠᠷᠭ᠎ᠠ︾ ᠪᠣᠯᠵᠤ ᠥᠩᠭᠡᠷᠡᠭᠰᠡᠨ ᠪᠣᠯ ᠪᠠᠰᠠ ︽ᠠᠷᠭ᠎ᠠ︾ ᠪᠤᠯᠬᠤ ᠪᠣᠯᠣᠯᠴᠠᠭ᠎ᠠ ᠲᠠᠢ ᠦᠦ︖
ᠨᠡᠶᠢᠲᠡᠯᠡᠭᠰᠡᠨ ᠴᠠᠭ᠄
2022/12/16
      - ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠲᠤᠰᠬᠠᠢ ᠮᠡᠷᠭᠡᠵᠢᠯᠲᠡᠨ ᠬᠢᠵᠢᠭ  ᠢ ᠰᠡᠷᠭᠡᠶᠢᠯᠡᠬᠦ ᠬᠠᠯᠠᠮᠰᠢᠯ ᠠᠰᠠᠭᠤᠯᠲᠠ ᠳᠤ ᠬᠠᠷᠢᠭᠤᠯᠲᠠ ᠥᠭᠪᠡ      ᠤᠮᠢᠺᠷᠤᠨ ᠤ ᠡᠪᠡᠳᠴᠢᠨ ᠡᠭᠦᠰᠬᠡᠬᠦ ᠬᠦᠴᠦ ᠨᠢ ᠪᠠᠭᠤᠷᠠᠵᠤ ᠪᠠᠶᠢᠬᠤ ᠤᠴᠢᠷ ᠠᠴᠠ ᠬᠠᠯᠳᠠᠪᠤᠷᠢᠯᠠᠭᠰᠠᠨ ᠤ ᠳᠠᠷᠠᠭ᠎ᠠ ᠣᠯᠠᠩᠬᠢ ᠨᠢ ᠡᠪᠡᠳᠴᠢᠨ ᠤ ᠢᠯᠡᠷᠡᠯ ᠦᠭᠡᠢ ᠪᠤᠶᠤ ᠬᠥᠩᠭᠡᠨ ᠢᠯᠡᠷᠡᠯ ᠲᠠᠢ ᠪᠠᠶᠢᠳᠠᠭ᠃ ᠵᠥᠪᠭᠡᠨ ᠬᠠᠨᠢᠶᠠᠵᠤ᠂ ᠬᠠᠯᠠᠭᠤᠷᠠᠪᠠᠯ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠴᠢ ᠳᠤ ᠲᠣᠭᠠᠴᠠᠭᠳᠠᠨ᠎ᠠ ᠦᠦ︖ ᠨᠢᠭᠡ ᠤᠳᠠᠭ᠎ᠠ︽ᠠᠷᠭ᠎ᠠ︾ᠪᠣᠯᠵᠤ ᠥᠩᠭᠡᠷᠡᠭᠰᠡᠨ ᠪᠣᠯ ᠪᠠᠰᠠ︽ᠠᠷᠭ᠎ᠠ︾ ᠪᠤᠯᠬᠤ ᠪᠣᠯᠣᠯᠴᠠᠭ᠎ᠠ ᠲᠠᠢ ᠦᠦ︖ ᠤᠯᠠᠨ ᠨᠡᠶᠢᠲᠡ ᠶᠢᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠯᠲᠠ ᠶᠢᠨ ᠲᠣᠭᠤᠷᠢᠨ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠲᠤᠰᠬᠠᠢ ᠮᠡᠷᠭᠡᠵᠢᠯ ᠤᠨ ᠬᠠᠷᠢᠭᠤᠯᠲᠠ ᠥᠭᠪᠡ᠃      ᠠᠰᠠᠭᠤᠯᠲᠠ᠄ ᠰᠢᠨ᠎ᠡ ᠲᠢᠲᠢᠮᠯᠢᠭ ᠸᠢᠷᠦ᠋ᠰ ᠤᠨ ᠠᠷᠭ᠎ᠠ ᠴᠢᠨᠠᠷᠲᠠᠢ ᠬᠠᠯᠳᠠᠪᠤᠷᠢᠯᠠᠭᠴᠢ ᠵᠥᠪᠭᠡᠨ ᠬᠠᠨᠢᠶᠠᠵᠤ ᠬᠠᠯᠠᠭᠤᠷᠠᠬᠤ ᠢᠯᠡᠷᠡᠯ ᠭᠠᠷᠪᠠᠯ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠴᠢ ᠳᠤ ᠲᠣᠭᠠᠴᠠᠭᠳᠠᠨ᠎ᠠ ᠦᠦ︖      ᠬᠠᠷᠢᠭᠤᠯᠲᠠ᠄  ᠠᠷᠭ᠎ᠠ ᠴᠢᠨᠠᠷᠲᠠᠢ ᠬᠠᠯᠳᠠᠪᠤᠷᠢᠯᠠᠭᠴᠢ ᠵᠥᠪᠭᠡᠨ ᠬᠠᠨᠢᠶᠠᠵᠤ ᠬᠠᠯᠠᠭᠤᠷᠠᠬᠤ ᠢᠯᠡᠷᠡᠯ ᠭᠠᠷᠴᠤ᠂ ᠠᠭᠤᠰᠬᠢᠨ ᠬᠡᠰᠡᠭ ᠤᠨ ᠬᠠᠯᠳᠠᠪᠤᠷᠢᠯᠠᠯ ᠢᠯᠡᠷᠡᠭᠰᠡᠨ ᠦᠭᠡᠢ ᠪᠣᠯ᠂ ᠬᠥᠩᠭᠡᠨ ᠢᠯᠡᠷᠡᠯ ᠲᠠᠢ ᠡᠪᠡᠳᠴᠢᠨ ᠤ ᠵᠢᠱᠢᠶ᠎ᠡ ᠳᠤ ᠲᠣᠭᠠᠴᠠᠭᠳᠠᠨ᠎ᠠ᠂ ᠭᠡᠪᠡᠴᠦ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠴᠢ ᠪᠢᠰᠢ᠃ ᠣᠳᠣᠬᠠᠨ ᠤ ᠪᠦᠭᠦ ᠤᠯᠤᠰ ᠤᠨ ᠡᠪᠡᠳᠴᠢᠨ ᠤ ᠵᠢᠱᠢᠶ᠎ᠡ ᠶᠢᠨ ᠲᠤᠭ᠎ᠠ ᠪᠠᠷᠢᠮᠲᠠ ᠠᠴᠠ ᠦᠵᠡᠪᠡᠯ᠂ ᠤᠮᠢᠺᠷᠤᠨ ᠸᠢᠷᠦ᠋ᠰ ᠲᠤ ᠬᠠᠯᠳᠠᠪᠤᠷᠢᠯᠠᠭᠰᠠᠨ ᠤ ᠳᠠᠷᠠᠭ᠎ᠠ ᠡᠪᠡᠳᠴᠢᠨ ᠤ ᠢᠯᠡᠷᠡᠯ ᠦᠭᠡᠢ ᠪᠠ ᠬᠥᠩᠭᠡᠨ ᠢᠯᠡᠷᠡᠯ ᠲᠠᠢ ᠡᠪᠡᠳᠴᠢᠨ ᠤ ᠵᠢᠱᠢᠶ᠎ᠡ ᠪᠠᠷᠤᠭ 90% ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃      ᠣᠳᠣᠬᠠᠨ ᠤ ᠲᠣᠮᠢᠶᠠᠯᠠᠯ ᠢᠶᠠᠷ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠭᠡᠳᠡᠭ ᠨᠢ ᠰᠢᠨ᠎ᠡ ᠲᠢᠲᠢᠮᠯᠢᠭ ᠸᠢᠷᠦ᠋ᠰ ᠤᠨ ᠡᠪᠡᠳᠴᠢᠨ ᠡᠭᠦᠰᠬᠡᠭᠴᠢ ᠶᠢᠨ ᠰᠤᠳᠤᠯᠤᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠬᠠᠮᠢᠶ᠎ᠠ ᠪᠦᠬᠦᠢ ᠡᠮᠴᠢᠯᠡᠭᠡᠨ ᠤ ᠢᠯᠡᠷᠡᠯ ᠭᠠᠷᠤᠭᠰᠠᠨ ᠦᠭᠡᠢ ᠪᠠᠶᠢᠬᠤ ᠶᠢ ᠵᠢᠭᠠᠵᠤ ᠪᠠᠶᠢᠨ᠎ᠠ᠂ ᠵᠢᠱᠢᠶᠡᠯᠡᠪᠡᠯ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠭᠦ᠂ ᠦᠨᠦᠷᠯᠡᠬᠦ ᠰᠡᠷᠡᠯ ᠪᠠᠭᠤᠷᠠᠬᠤ᠂ ᠰᠠᠭᠤᠯᠭᠠᠬᠤ ᠵᠡᠷᠭᠡ ᠥᠪᠡᠷ ᠢᠶᠠᠨ ᠰᠡᠷᠡᠵᠦ ᠮᠡᠳᠡᠭᠦ ᠪᠤᠶᠤ ᠡᠮᠴᠢᠯᠡᠭᠡ ᠪᠠᠷ ᠢᠯᠭᠠᠨ ᠲᠠᠨᠢᠵᠤ ᠪᠤᠯᠬᠤ ᠡᠪᠡᠳᠴᠢᠨ ᠤ ᠢᠯᠡᠷᠡᠯ ᠪᠠ ᠪᠡᠶ᠎ᠡ ᠶᠢᠨ ᠢᠯᠡᠷᠡᠯ ᠦᠭᠡᠢ ᠮᠥᠷᠲᠡᠭᠡᠨ CT ᠳᠦᠷᠰᠦ ᠰᠢᠩᠭᠡᠭᠡᠯᠲᠡ ᠶᠢᠨ ᠤᠬᠠᠭᠠᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠳᠦᠷᠰᠦ ᠰᠢᠩᠭᠡᠭᠡᠯᠲᠡ ᠶᠢᠨ ᠤᠬᠠᠭᠠᠨ ᠤ ᠣᠨᠴᠠᠯᠢᠭ ᠦᠭᠡᠢ ᠬᠥᠮᠥᠰ ᠢ ᠵᠢᠭᠠᠵᠤ ᠪᠠᠶᠢᠨ᠎ᠠ᠃      ᠬᠥᠩᠭᠡᠨ ᠡᠪᠡᠳᠴᠢᠲᠡᠨ ᠨᠢ  ᠵᠢᠭᠠᠬᠠᠨ ᠬᠠᠯᠠᠭᠤᠷᠠᠬᠤ᠂ ᠬᠤᠭᠤᠯᠠᠢ ᠬᠠᠲᠠᠬᠤ᠂ ᠬᠤᠭᠤᠯᠠᠢ ᠡᠪᠡᠳᠭᠦ᠂ ᠬᠠᠮᠠᠷ ᠪᠥᠭᠯᠡᠷᠡᠬᠦ᠂ ᠨᠢᠰᠤ ᠭᠤᠭᠤᠵᠢᠬᠤ ᠵᠡᠷᠭᠡ ᠠᠮᠢᠰᠬᠤᠯ ᠤᠨ ᠳᠡᠭᠡᠳᠦ ᠵᠠᠮ ᠤᠨ ᠬᠠᠯᠳᠠᠪᠤᠷᠢᠯᠠᠯ ᠤᠨ ᠡᠪᠡᠳᠴᠢᠨ ᠤ ᠢᠯᠡᠷᠡᠯ ᠵᠢᠴᠢ ᠲᠠᠮᠢᠷᠳᠠᠬᠤ᠂ ᠦᠨᠦᠷᠯᠡᠬᠦ ᠰᠡᠷᠡᠯ ᠬᠠᠷᠰᠢᠯᠠᠭᠳᠠᠬᠤ ᠵᠡᠷᠭᠡ ᠡᠪᠡᠳᠴᠢᠨ ᠤ ᠢᠯᠡᠷᠡᠯ ᠭᠠᠷᠬᠤ ᠪᠤᠯᠪᠠᠴᠤ ᠠᠭᠤᠰᠬᠢᠨ ᠦᠷᠪᠢᠰᠦᠯ ᠤᠨ ᠢᠯᠡᠷᠡᠯ ᠦᠭᠡᠢ᠃      ᠠᠰᠠᠭᠤᠯᠲᠠ᠄ ᠨᠢᠭᠡ ᠤᠳᠠᠭ᠎ᠠ ︽ᠠᠷᠭ᠎ᠠ︾ ᠪᠣᠯᠵᠤ ᠥᠩᠭᠡᠷᠡᠭᠰᠡᠨ ᠪᠣᠯ ᠪᠠᠰᠠ ︽ᠠᠷᠭ᠎ᠠ︾ ᠪᠤᠯᠬᠤ ᠪᠣᠯᠣᠯᠴᠠᠭ᠎ᠠ ᠲᠠᠢ ᠦᠦ︖ ᠬᠡᠳᠦᠢ ᠤᠳᠠᠭᠠᠳ ᠬᠤᠶᠠᠳᠠᠭᠢ ᠤᠳᠠᠭ᠎ᠠ ᠬᠠᠯᠳᠠᠪᠤᠷᠢᠯᠠᠬᠤ ᠪᠣᠯᠣᠯᠴᠠᠭ᠎ᠠ ᠲᠠᠢ ᠪᠤᠢ︖      ᠬᠠᠷᠢᠭᠤᠯᠲᠠ᠄ ᠰᠢᠨ᠎ᠡ ᠲᠢᠲᠢᠮᠯᠢᠭ ᠸᠢᠷᠦ᠋ᠰ ᠲᠤ ᠨᠢᠭᠡ ᠤᠳᠠᠭ᠎ᠠ ᠬᠠᠯᠳᠠᠪᠤᠷᠢᠯᠠᠭᠳᠠᠵᠤ ᠥᠩᠭᠡᠷᠡᠪᠡᠯ᠂ ᠬᠥᠮᠥᠨ ᠤ ᠪᠡᠶ᠎ᠡ ᠳᠤ ᠪᠦᠷᠢᠯᠳᠦᠭᠰᠡᠨ ᠡᠭᠡᠯᠢᠯᠡᠭᠡ ᠶᠢᠨ ᠴᠢᠳᠠᠪᠤᠷᠢ ᠨᠢ ᠵᠣᠬᠢᠬᠤ ᠬᠡᠮᠵᠢᠶᠡᠨ ᠤ ᠬᠠᠮᠠᠭᠠᠯᠠᠬᠤ ᠦᠢᠯᠡᠳᠦᠯ ᠦᠵᠡᠭᠦᠯᠳᠡᠭ᠃ ᠭᠡᠪᠡᠴᠦ ᠤᠮᠢᠺᠷᠤᠨ ᠮᠠᠰᠢ ᠲᠦᠷᠭᠡᠨ ᠢᠶᠠᠷ ᠰᠢᠨ᠎ᠡ ᠳᠡᠳ᠋ ᠰᠠᠯᠪᠤᠷᠢ ᠲᠠᠢ ᠪᠣᠯᠵᠤ᠂ ᠨᠡᠯᠢᠶᠡᠳ ᠴᠢᠩᠭ᠎ᠠ ᠡᠭᠡᠯᠢᠯᠡᠭᠡ ᠠᠴᠠ ᠳᠤᠲᠠᠭᠠᠬᠤ ᠴᠢᠳᠠᠪᠤᠷᠢ ᠲᠠᠢ ᠪᠣᠯᠵᠤ ᠮᠡᠳᠡᠨ᠎ᠡ᠂ ᠡᠷᠡᠭᠦᠯᠵᠢᠭᠰᠡᠳ ᠬᠤᠶᠠᠳᠠᠭᠢ ᠤᠳᠠᠭ᠎ᠠ ᠬᠠᠯᠳᠠᠪᠤᠷᠢᠯᠠᠭᠳᠠᠬᠤ ᠠᠴᠠ ᠪᠦᠷᠢᠮᠦᠰᠦᠨ ᠵᠠᠶᠢᠯᠠᠰᠬᠢᠵᠦ ᠴᠢᠳᠠᠬᠤ ᠦᠭᠡᠢ ᠶᠤᠮ᠃      ᠭᠡᠪᠡᠴᠦ᠂ ᠭᠠᠳᠠᠭᠠᠳᠤ ᠶᠢᠨ ᠪᠦᠷᠢᠳᠬᠡᠭᠰᠡᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠤᠮᠢᠺᠷᠤᠨ ᠲᠤ ᠬᠠᠯᠳᠠᠪᠤᠷᠢᠯᠠᠭᠳᠠᠵᠤ ᠥᠩᠭᠡᠷᠡᠭᠰᠡᠨ ᠪᠣᠯ ᠡᠪᠡᠳᠴᠢᠨ ᠤ ᠢᠯᠡᠷᠡᠯ ᠭᠠᠷᠤᠭᠰᠠᠨ ᠡᠰᠡᠬᠦ ᠬᠠᠮᠢᠶ᠎ᠠ ᠦᠭᠡᠢ᠂ 3  ᠠᠴᠠ 6 ᠰᠠᠷ᠎ᠠ ᠶᠢᠨ ᠳᠣᠲᠣᠷ᠎ᠠ ᠬᠤᠶᠠᠳᠠᠭᠢ ᠤᠳᠠᠭ᠎ᠠ ᠬᠠᠯᠳᠠᠪᠤᠷᠢᠯᠠᠭᠳᠠᠬᠤ ᠲᠣᠬᠢᠶᠠᠯᠳᠤᠮᠵᠢ  ᠨᠢ ᠨᠡᠯᠢᠶᠡᠳ ᠳᠣᠣᠷ᠎ᠠ ᠪᠠᠶᠢᠵᠤ᠂ ᠣᠯᠠᠩᠬᠢ ᠬᠥᠮᠥᠰ ᠨᠡᠯᠢᠶᠡᠳ ᠣᠷᠳᠣ ᠬᠤᠭᠤᠴᠠᠭᠠᠨ ᠳᠤ ᠤᠮᠢᠺᠷᠤᠨ ᠳᠤ ᠳᠠᠭᠢᠨ ᠬᠠᠯᠳᠠᠪᠤᠷᠢᠯᠠᠭᠳᠠᠬᠤ ᠦᠭᠡᠢ ᠶᠤᠮ᠃      ᠬᠤᠪᠢ ᠬᠥᠮᠥᠨ ᠳᠤ ᠠᠪᠴᠤ ᠬᠡᠯᠡᠪᠡᠯ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠬᠠᠮᠤᠭ ᠤᠨ ᠰᠠᠶᠢᠨ ᠠᠷᠭ᠎ᠠ ᠪᠣᠯ ᠮᠥᠨ ᠬᠦ ᠠᠮᠠᠪᠴᠢ ᠵᠡᠭᠦᠭᠦ᠂ ᠭᠠᠷ ᠤᠨ ᠡᠷᠡᠭᠦᠯ ᠬᠠᠮᠠᠭᠠᠯᠠᠯ ᠢ ᠠᠩᠬᠠᠷᠬᠤ᠂ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠵᠡᠷᠭᠡ ᠶᠢ ᠪᠠᠭᠲᠠᠭᠠᠭᠰᠠᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠢᠳᠡᠪᠬᠢᠲᠡᠢ ᠳᠠᠷᠢᠵᠤ᠂ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠠᠭᠤᠷᠠᠭᠤᠯᠬᠤ ᠶᠠᠪᠤᠳᠠᠯ ᠪᠣᠯᠣᠨ᠎ᠠ᠃      ᠠᠰᠠᠭᠤᠯᠲᠠ᠄  ᠳᠠᠭᠢᠨ ᠳᠠᠪᠲᠠᠨ ᠬᠠᠯᠳᠠᠪᠤᠷᠢᠯᠠᠭᠳᠠᠬᠤ ᠨᠢ ᠡᠪᠡᠳᠴᠢᠨ ᠤ ᠢᠯᠡᠷᠡᠯ ᠢ ᠨᠡᠩ ᠬᠦᠨᠳᠦ ᠪᠤᠯᠭᠠᠬᠤ ᠦᠦ︖      ᠬᠠᠷᠢᠭᠤᠯᠲᠠ᠄ ᠳᠠᠭᠢᠨ ᠬᠠᠯᠳᠠᠪᠤᠷᠢᠯᠠᠭᠳᠠᠬᠤ ᠨᠢ ᠨᠡᠩ ᠬᠦᠨᠳᠦ ᠨᠣᠴᠢᠲᠠᠢ ᠡᠮᠴᠢᠯᠡᠭᠡᠨ ᠤ ᠦᠷ᠎ᠡ ᠳ᠋ᠦᠩ ᠭᠠᠷᠤᠨ᠎ᠠ ᠭᠡᠳᠡᠭ ᠢ ᠣᠳᠣᠬᠠᠨ ᠳᠤ ᠨᠤᠲᠠᠯᠠᠭᠠᠳᠤᠢ ᠪᠠᠶᠢᠭᠰᠠᠭᠠᠷ᠃ ᠣᠳᠣᠬᠠᠨ ᠤ ᠡᠪᠡᠳᠴᠢᠨ ᠤ ᠵᠢᠱᠢᠶ᠎ᠡ ᠠᠴᠠ ᠦᠵᠡᠪᠡᠯ᠂ ᠣᠨᠴᠠ ᠵᠠᠷᠢᠮ ᠡᠪᠡᠳᠴᠢᠲᠡᠨ ᠳᠠᠭᠢᠨ ᠬᠠᠯᠳᠠᠪᠤᠷᠢᠯᠠᠭᠳᠠᠬᠤ ᠦᠶ᠎ᠡ ᠳᠤ ᠡᠪᠡᠳᠴᠢᠨ ᠤ ᠢᠯᠡᠷᠡᠯ ᠨᠢ ᠬᠦᠨᠳᠦᠷᠡᠬᠦ ᠬᠠᠨᠳᠤᠰᠢ ᠲᠠᠢ ᠪᠣᠯᠤᠭᠰᠠᠨ ᠴᠤ ᠡᠨᠡ ᠬᠦ ᠬᠠᠷᠢᠴᠠᠯ ᠨᠢ ᠮᠠᠰᠢ ᠳᠣᠣᠷ᠎ᠠ ᠪᠠᠶᠢᠳᠠᠭ᠃ ᠤᠮᠢᠺᠷᠤᠨ ᠸᠢᠷᠦ᠋ᠰ ᠤᠨ ᠡᠪᠡᠳᠴᠢᠨ ᠡᠭᠦᠰᠬᠡᠬᠦ ᠬᠦᠴᠦᠨ ᠨᠢ ᠪᠠᠭᠤᠷᠠᠵᠤ ᠪᠠᠶᠢᠨ᠎ᠠ᠂ ᠠᠩᠬ᠎ᠠ ᠤᠳᠠᠭ᠎ᠠ ᠬᠠᠯᠳᠠᠪᠤᠷᠢᠯᠠᠭᠰᠠᠨ ᠴᠤ ᠲᠡᠷᠡ᠂ ᠳᠠᠭᠢᠨ ᠬᠠᠯᠳᠠᠪᠤᠷᠢᠯᠠᠭᠰᠠᠨ ᠴᠤ ᠲᠡᠷᠡ᠂ ᠬᠦᠨᠳᠦ ᠡᠪᠡᠳᠴᠢᠨ ᠡᠭᠦᠰᠭᠦ ᠲᠣᠬᠢᠶᠠᠯᠳᠤᠮᠵᠢ ᠨᠢ ᠴᠥᠮ ᠮᠠᠰᠢ ᠳᠣᠣᠷ᠎ᠠ ᠶᠤᠮ᠃       ︵ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 12  ᠤᠨ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ