11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ ︽ᠭᠤᠣᠯᠲᠤ ᠪᠣᠷᠣ ᠶᠢ ᠦᠨᠳᠦᠰᠦᠯᠡᠭᠦᠯᠬᠦ ᠲᠥᠯᠥᠪᠯᠡᠭᠡ︾ ᠳᠤ 3.17 ᠲᠦᠮᠡᠨ ᠬᠥᠮᠥᠨ ᠬᠥᠬᠡᠬᠤᠲᠠ ᠳᠤ ᠦᠯᠡᠳᠡᠨ ᠠᠵᠢᠯ ᠣᠯᠵᠤ ᠦᠢᠯᠡᠰ ᠴᠣᠭᠴᠠᠯᠠᠪᠠ
ᠨᠡᠶᠢᠲᠡᠯᠡᠭᠰᠡᠨ ᠴᠠᠭ᠄
2022/12/16
       ︵ᠰᠤᠷᠪᠤᠯᠵᠢᠯᠠᠭᠴᠢ ᠮᠢᠶᠣᠣ ᠴᠢᠩ︶ ᠣᠶᠢᠷ᠎ᠠ ᠳᠤ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ᠭᠤᠣᠯᠲᠤ ᠪᠣᠷᠣ ᠶᠢ ᠦᠨᠳᠦᠰᠦᠯᠡᠭᠦᠯᠬᠦ ᠲᠥᠯᠥᠪᠯᠡᠭᠡ︾ ᠶᠢ 2022 ᠣᠨ ᠤ 4 ᠳ᠋ᠦ᠋ᠭᠡᠷ ᠰᠠᠷ᠎ᠠ ᠠᠴᠠ ᠡᠬᠢᠯᠡᠭᠦᠯᠦᠭᠰᠡᠨ ᠤ ᠳᠠᠷᠠᠭ᠎ᠠ᠂ ᠰᠤᠷᠭᠠᠭᠤᠯᠢ ᠶᠢᠨ ᠬᠦᠷᠢᠶᠡᠨ ᠳᠤ ᠣᠷᠣᠵᠤ ᠤᠬᠠᠭᠤᠯᠤᠨ ᠲᠠᠶᠢᠯᠪᠤᠷᠢᠯᠠᠬᠤ᠂ ᠠᠵᠢᠯ ᠣᠯᠬᠤ ᠠᠷᠭ᠎ᠠ ᠵᠠᠮ ᠢ ᠥᠷᠭᠡᠳᠬᠡᠬᠦ᠂ ᠠᠳᠠᠯ ᠦᠢᠯᠡᠰ ᠴᠣᠭᠴᠠᠯᠠᠬᠤ ᠰᠢᠯᠢᠳᠡᠭ ᠰᠠᠶᠢᠨ ᠣᠷᠴᠢᠨ ᠨᠥᠬᠦᠴᠡᠯ ᠢ ᠪᠣᠶ ᠪᠣᠯᠭᠠᠬᠤ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠡᠯᠰᠡᠬᠦ ᠲᠤᠭ᠎ᠠ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠨ ᠥᠷᠭᠡᠨ ᠣᠯᠠᠨ ᠣᠶᠣᠲᠠᠳ ᠤᠨ ᠣᠷᠣᠨ ᠤ ᠲᠥᠪ ᠬᠤᠲᠠ ᠪᠠᠨ ᠬᠠᠶᠢᠷᠠᠯᠠᠵᠤ᠂ ᠣᠷᠣᠨ ᠤ ᠲᠥᠪ ᠬᠤᠲᠠ ᠳᠤ ᠦᠨᠳᠦᠰᠦ ᠬᠠᠳᠬᠤᠵᠤ᠂ ᠣᠷᠣᠨ ᠤ ᠲᠥᠪ ᠬᠤᠲᠠ ᠶᠢ ᠪᠦᠲᠦᠭᠡᠨ ᠪᠠᠶᠢᠭᠤᠯᠬᠤ ᠳᠤ ᠲᠠᠲᠠᠵᠤ᠂ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠨᠡᠶᠢᠲᠡ 3.17 ᠲᠦᠮᠡᠨ ᠬᠥᠮᠥᠨ ᠬᠥᠬᠡᠬᠤᠲᠠ ᠳᠤ ᠦᠯᠡᠳᠡᠨ ᠠᠵᠢᠯ ᠣᠯᠵᠤ ᠠᠳᠠᠯ ᠦᠢᠯᠡᠰ ᠴᠣᠭᠴᠠᠯᠠᠪᠠ᠃      2022 ᠣᠨ ᠤ 4 ᠳ᠋ᠦ᠋ᠭᠡᠷ ᠰᠠᠷ᠎ᠠ ᠳᠤ᠂ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠭᠤᠣᠯᠲᠤ ᠪᠣᠷᠣ ᠶᠢ ᠦᠨᠳᠦᠰᠦᠯᠡᠭᠦᠯᠬᠦ ᠲᠥᠯᠥᠪᠯᠡᠭᠡ︾ ᠶᠢᠨ ᠠᠵᠢᠯᠯᠠᠭᠠᠨ ᠤ ᠲᠥᠰᠥᠯ ᠢ ᠡᠬᠢᠯᠡᠨ ᠬᠡᠷᠡᠭᠵᠢᠭᠦᠯᠪᠡ᠃ ᠡᠭᠦᠨ ᠤ ᠵᠣᠷᠢᠯᠭ᠎ᠠ ᠨᠢ ᠪᠣᠳᠠᠲᠠᠢ ᠠᠵᠢᠯᠯᠠᠭ᠎ᠠ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠮᠲᠤ ᠶᠢᠨ ᠲᠠᠨᠢᠯᠲᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂  ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠥᠷᠭᠡᠨ ᠣᠯᠠᠨ ᠤᠶᠤᠳᠠᠨ ᠪᠠ ᠵᠠᠯᠠᠭᠤ ᠰᠢᠯᠢᠳᠡᠭ ᠴᠢᠳᠠᠪᠤᠷᠢᠲᠠᠨ ᠢ ᠶᠡᠭᠡ ᠬᠡᠪᠴᠢᠶ᠎ᠡ ᠪᠠᠷ ᠲᠡᠳᠡᠨ ᠠᠪᠴᠢᠷᠠᠵᠤ ᠦᠯᠡᠳᠡᠭᠡᠨ ᠬᠡᠷᠡᠭᠯᠡᠵᠦ᠂ ᠭᠤᠷᠪᠠᠨ ᠵᠢᠯ ᠳᠤ ᠠᠷᠪᠠᠨ ᠲᠦᠮᠡᠨ ᠣᠶᠤᠲᠠᠨ ᠤ ᠬᠥᠬᠡᠬᠤᠲᠠ ᠳᠤ ᠦᠯᠡᠳᠡᠨ ᠠᠵᠢᠯ ᠣᠯᠵᠤ ᠦᠢᠯᠡᠰ ᠴᠣᠭᠴᠠᠯᠠᠬᠤ ᠶᠢ ᠦᠨᠡᠨ ᠬᠦ ᠪᠠᠲᠤᠯᠠᠵᠤ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠲᠦᠯᠬᠢᠨ ᠠᠬᠢᠭᠤᠯᠬᠤ ᠶᠢᠨ ᠲᠥᠯᠥᠭᠡ ᠶᠤᠮ᠃      ︽ᠭᠤᠣᠯᠲᠤ ᠪᠣᠷᠣ ᠶᠢ ᠦᠨᠳᠦᠰᠦᠯᠡᠭᠦᠯᠬᠦ ᠲᠥᠯᠥᠪᠯᠡᠭᠡ︾ ᠨᠢ ᠣᠷᠣᠨ ᠤ ᠲᠥᠪ ᠬᠤᠲᠠ ᠶᠢᠨ ᠣᠳᠣᠬᠠᠨ ᠤ ᠪᠠ ᠬᠤᠶᠢᠰᠢᠳᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠣᠯᠣᠨ ᠰᠠᠶᠢᠨ ᠰᠠᠶᠢᠬᠠᠨ ᠵᠢᠷᠤᠭ ᠲᠥᠯᠥᠪᠯᠡᠭᠡ ᠶᠢᠨ ᠲᠣᠭᠤᠷᠢᠨ ᠳᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠣᠲᠠᠳ ᠤᠨ ᠠᠮᠢᠳᠤᠷᠠᠬᠤᠢ ᠶᠢᠨ ᠦᠨ᠎ᠡ ᠥᠷᠲᠡᠭ᠂ ᠠᠮᠢᠳᠤᠷᠠᠬᠤᠢ ᠶᠢᠨ ᠬᠦᠰᠡᠯᠡᠩ ᠵᠢᠴᠢ ᠬᠥᠭᠵᠢᠯᠲᠡ ᠶᠢᠨ ᠲᠥᠯᠦᠪᠵᠢᠭᠦᠯᠭᠡ ᠲᠠᠢ ᠨᠢᠭᠲᠠ ᠤᠶᠠᠯᠳᠤᠭᠤᠯᠤᠨ᠂ ᠣᠶᠤᠲᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠭᠡᠷ ᠪᠠᠶᠢᠰᠢᠩ ᠲᠦᠷᠢᠶᠡᠰᠦᠯᠡᠬᠦ ᠪᠤᠶᠤ ᠬᠤᠳᠠᠯᠳᠤᠨ ᠠᠪᠬᠤ ᠳᠤ ᠨᠥᠬᠦᠪᠦᠷᠢ ᠥᠭᠬᠦ᠂ ᠦᠢᠯᠡᠴᠢᠯᠡᠭᠡ ᠶᠢ ᠳᠥᠭᠦᠮᠴᠢᠯᠡᠬᠦ ᠵᠡᠷᠭᠡ ᠪᠣᠳᠠᠲᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ︽ᠠᠵᠢᠯ ᠳᠤ ᠬᠥᠲᠥᠯᠬᠦ︾ ︽ᠣᠷᠣᠨ ᠤ ᠲᠥᠪ ᠬᠤᠲᠠ ᠳᠤ ᠰᠠᠨᠠᠭ᠎ᠠ ᠲᠠᠯᠪᠢᠬᠤ︾ ︽ᠲᠦᠮᠡᠨ ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ︾ ︽ᠠᠩᠬ᠎ᠠ ᠦᠢᠯᠡᠰ ᠴᠣᠭᠴᠠᠯᠠᠬᠤ ᠳᠤ ᠲᠤᠰᠠᠯᠠᠬᠤ︾ ︽  ᠴᠢᠳᠠᠪᠤᠷᠢᠳᠠᠨ ᠢ ᠲᠠᠲᠠᠵᠤ ᠣᠶᠤᠨ ᠢ ᠣᠷᠣᠭᠤᠯᠬᠤ︾ ︽ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ︾ ︽ᠦᠨᠳᠦᠰᠦᠨ ᠱᠠᠲᠤᠨ ᠳᠤ ᠦᠰᠦᠨ ᠪᠣᠶᠢᠵᠢᠬᠤ︾ ︽ᠦᠢᠯᠡᠴᠢᠯᠡᠭᠡ ᠪᠠᠷ ᠰᠢᠯᠢᠳᠡᠭ ᠢ ᠡᠭᠦᠳᠬᠦ︾ ᠨᠠᠢᠮᠠᠨ ᠵᠦᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠤᠷᠭᠠᠭᠤᠯᠢ ᠶᠢᠨ ᠬᠦᠷᠢᠶᠡᠨ ᠳᠤ ᠣᠷᠣᠵᠤ ᠤᠬᠠᠭᠤᠯᠤᠨ ᠲᠠᠶᠢᠯᠪᠤᠷᠢᠯᠠᠬᠤ᠂ ᠠᠵᠢᠯ ᠣᠯᠬᠤ ᠠᠷᠭ᠎ᠠ ᠵᠠᠮ ᠢ ᠥᠷᠭᠡᠳᠬᠡᠬᠦ᠂ ᠠᠳᠠᠯ ᠦᠢᠯᠡᠰ ᠴᠣᠭᠴᠠᠯᠠᠬᠤ ᠰᠢᠯᠢᠳᠡᠭ ᠰᠠᠶᠢᠨ ᠣᠷᠴᠢᠨ ᠨᠥᠬᠦᠴᠡᠯ ᠢ ᠪᠣᠶ ᠪᠣᠯᠭᠠᠬᠤ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠡᠯᠰᠡᠬᠦ ᠲᠤᠭ᠎ᠠ ᠬᠡᠮᠵᠢᠶ᠎ᠡ ᠶᠢ ᠥᠷᠭᠡᠳᠬᠡᠬᠦ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠥᠷᠭᠡᠨ ᠣᠯᠠᠨ ᠤᠶᠤᠲᠠᠨ ᠢ ᠲᠠᠲᠠᠨ ᠣᠷᠣᠨ ᠤ ᠲᠥᠪ ᠬᠤᠲᠠ ᠳᠤ ᠦᠨᠳᠦᠰᠦ ᠬᠠᠳᠬᠤᠭᠤᠯᠵᠤ᠂ ᠣᠷᠣᠨ ᠤ ᠲᠥᠪ ᠬᠤᠲᠠ ᠶᠢ ᠪᠦᠲᠦᠭᠡᠨ ᠪᠠᠶᠢᠭᠤᠯᠤᠨ᠎ᠠ᠃      2022 ᠣᠨ ᠤ 4 ᠳ᠋ᠦ᠋ᠭᠡᠷ ᠰᠠᠷ᠎ᠠ ᠳᠤ ᠡᠬᠢᠯᠡᠭᠰᠡᠨ ᠠᠴᠠ ᠤᠳᠤ ᠪᠣᠯᠲᠠᠯ᠎ᠠ᠂ ᠮᠠᠨ ᠤ ᠬᠤᠲᠠ ᠤᠷᠢᠳ ᠬᠤᠵᠢᠳ ︽ᠭᠤᠣᠯᠲᠤ ᠪᠣᠷᠣ ᠶᠢ ᠦᠨᠳᠦᠰᠦᠯᠡᠭᠦᠯᠬᠦ ᠲᠥᠯᠥᠪᠯᠡᠭᠡ︾ ᠪᠠᠷ ᠭᠤᠣᠯ ᠰᠡᠳᠦᠪ ᠪᠣᠯᠭᠠᠭᠰᠠᠨ ᠠᠵᠢᠯᠲᠠᠨ ᠡᠯᠰᠡᠬᠦ ᠴᠤᠭᠯᠠᠭᠠᠨ ᠢ 20 ᠭᠠᠷᠤᠢ ᠤᠳᠠᠭ᠎ᠠ ᠵᠣᠬᠢᠶᠠᠨ ᠪᠠᠶᠢᠭᠤᠯᠵᠤ᠂ ᠠᠵᠢᠯ ᠡᠷᠢᠭᠰᠡᠳ ᠲᠤ 3 ᠲᠦᠮᠡ ᠰᠢᠬᠠᠮ ᠠᠵᠢᠯ ᠤᠨ ᠪᠠᠶᠢᠷᠢ ᠬᠠᠩᠭᠠᠪᠠ︔ ᠰᠦᠯᠵᠢᠶᠡᠨ ᠳᠡᠭᠡᠷᠡᠬᠢ ᠠᠵᠢᠯ ᠣᠯᠭᠤᠯᠲᠠ ᠶᠢᠨ ᠵᠢᠯᠣᠭᠤᠳᠤᠯᠭ᠎ᠠ ᠶᠢᠨ ᠲᠠᠶᠢᠯᠤᠮᠵᠢ ᠶᠢ 23 ᠤᠳᠠᠭ᠎ᠠ ᠡᠷᠭᠢᠯᠡᠵᠦ᠂ ᠨᠡᠶᠢᠲᠡ 5 ᠶᠡᠭᠡ ᠳᠡᠭᠡᠳᠦ ᠰᠤᠷᠭᠠᠭᠤᠯᠢ᠂ 8000 ᠭᠠᠷᠤᠢ ᠲᠡᠭᠦᠰᠬᠦ ᠤᠶᠤᠲᠠᠨ ᠢ ᠬᠠᠮᠤᠷᠪᠠ︔ ᠠᠵᠢᠯ ᠦᠢᠯᠡᠰ ᠤᠨ ᠨᠢᠭᠡᠴᠡ 2170 ᠬᠥᠮᠥᠨ ᠡᠯᠰᠡᠪᠡ︔ ᠵᠠᠰᠠᠭ ᠤᠨ ᠣᠷᠳᠣᠨ ᠤ ᠬᠤᠳᠠᠯᠳᠤᠨ ᠠᠪᠬᠤ ᠦᠢᠯᠡᠴᠢᠯᠡᠭᠡᠨ ᠤ ᠠᠵᠢᠯ ᠤᠨ ᠪᠠᠶᠢᠷᠢ ᠶᠢ 4000 ᠭᠠᠷᠤᠢ ᠲᠥᠯᠥᠪᠯᠡᠪᠡ︔ ᠦᠢᠯᠡᠰ ᠪᠣᠰᠬᠠᠬᠤ ᠤᠷᠤᠯᠳᠤᠭᠠᠨ ᠢ ᠡᠷᠬᠢᠯᠡᠨ᠂ 18 ᠱᠠᠩᠨᠠᠯ ᠤᠨ ᠡᠵᠡᠨ ᠢ ᠰᠢᠯᠭᠠᠷᠠᠭᠤᠯᠪᠠ︔ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ 1325 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠣᠯᠭᠤᠪᠠ︔ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ 1261 ᠬᠥᠮᠥᠨ ᠤᠳᠠᠭ᠎ᠠ ᠥᠷᠨᠢᠭᠦᠯᠪᠡ︔ ︽ᠬᠦᠬᠡᠬᠤᠲᠠ ᠳᠤ ᠠᠵᠢᠯ ᠣᠯᠬᠤ︾ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠲᠠᠪᠴᠠᠩ ᠵᠡᠷᠭᠡ ᠶᠢ ᠨᠡᠭᠡᠭᠡᠵᠦ᠂ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠨᠡᠶᠢᠲᠡ 3.17 ᠲᠦᠮᠡᠨ ᠬᠥᠮᠥᠨ ᠬᠥᠬᠡᠬᠤᠲᠠ ᠳᠤ ᠦᠯᠡᠳᠡᠨ ᠠᠵᠢᠯ ᠣᠯᠵᠤ ᠠᠳᠠᠯ ᠦᠢᠯᠡᠰ ᠴᠣᠭᠴᠠᠯᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ