ᠭᠦᠭᠡᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠡᠶᠢᠲᠡᠯᠡᠭᠰᠡᠨ ᠢᠶᠠᠷ᠂ 12 ᠰᠠᠷ᠎ᠠ ᠶᠢᠨ 15 ᠤ ᠡᠳᠦᠷ ᠠᠴᠠ ᠡᠬᠢᠯᠡᠨ᠂ ᠭᠦᠭᠡᠬᠤᠳᠠ | ᠶᠢᠨ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠬᠴᠢᠳ ︽ᠰᠣᠷᠣᠬᠴᠢ ᠰᠠᠶᠢᠨ ᠳᠤᠷ᠎ᠠ ᠶᠢᠨ ᠪᠠᠶᠢᠬᠤ ᠪᠠ ᠪᠦᠯᠦᠭ ᠬᠤᠪᠢᠶᠠᠨ ᠡᠮᠬᠢ ᠵᠢᠷᠤᠮ ᠲᠠᠢ | ᠪᠠᠶᠢᠬᠤ︾ ᠵᠠᠷᠴᠢᠮ ᠢᠶᠠᠷ ᠬᠢᠴᠢᠶᠡᠯ ᠢᠶᠠᠨ ᠰᠡᠷᠭᠦᠭᠡᠬᠦ ᠪᠣᠯᠤᠭᠰᠠᠨ ᠪᠠᠶᠢᠨ᠎ᠠ᠃ | ᠬᠢᠵᠢᠭ ᠢ ᠰᠡᠷᠭᠡᠶᠢᠯᠡᠨ ᠡᠵᠡᠮᠳᠡᠬᠦ ᠲᠤᠬᠠᠢ ᠤᠯᠤᠰ ᠣᠷᠣᠨ ᠤ ᠬᠠᠮᠢᠶ᠎ᠠ ᠪᠦᠬᠦᠢ ᠲᠣᠭᠲᠠᠭᠠᠯ ᠵᠢᠴᠢ ᠭᠦᠭᠡᠬᠤᠳᠠ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠭᠦᠭᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠣᠯᠣᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ︽ᠰᠤᠷᠭᠠᠭᠤᠯᠢ | ᠶᠢᠨ ᠬᠢᠴᠢᠶᠡᠯ ᠰᠡᠷᠭᠦᠭᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ︾ ᠢ ᠲᠣᠭᠲᠠᠭᠠᠪᠠ᠃ | ︽ᠲᠥᠰᠥᠯ︾ ᠳᠤ ᠲᠣᠭᠲᠠᠭᠠᠭᠰᠠᠨ ᠢᠶᠠᠷ᠂ ᠰᠤᠷᠤᠬᠴᠢᠳ ᠥᠪᠡᠷ ᠤᠨ ᠪᠠᠶᠢᠳᠠᠯ ᠢᠶᠠᠨ ᠦᠨᠳᠦᠰᠦᠯᠡᠨ ᠰᠦᠯᠵᠢᠶᠡᠨ ᠳᠡᠭᠡᠷ᠎ᠡ ᠬᠢᠴᠢᠶᠡᠯᠯᠡᠬᠦ ᠪᠤᠶᠤ | ᠰᠤᠷᠭᠠᠭᠤᠯᠢ ᠳᠠᠭᠠᠨ ᠪᠤᠴᠠᠵᠤ ᠬᠢᠴᠢᠶᠡᠯᠯᠡᠬᠦ ᠵᠢᠭᠠᠨ ᠰᠤᠷᠭᠠᠯᠲᠠ ᠶᠢᠨ ᠭᠡᠯᠪᠡᠷᠢ ᠶᠢ ᠰᠠᠶᠢᠨ ᠳᠤᠷ᠎ᠠ ᠠᠴᠠ ᠪᠠᠨ ᠰᠣᠩᠭᠤᠵᠤ ᠰᠤᠷᠤᠯᠴᠠᠵᠤ ᠪᠣᠯᠣᠨ᠎ᠠ᠃ ᠪᠠᠭᠰᠢ | ᠰᠤᠷᠤᠬᠴᠢᠳ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢ ᠦᠷᠭᠦᠯᠵᠢᠯᠡᠨ ᠲᠠᠭᠯᠠᠨ ᠮᠡᠳᠡᠭᠦᠯᠦᠭᠰᠡᠨ ᠰᠠᠭᠤᠷᠢᠨ ᠳᠡᠭᠡᠷ᠎ᠡ᠂ ᠰᠤᠷᠭᠠᠭᠤᠯᠢ ᠳᠤ | ᠣᠷᠣᠬᠤ ᠳᠠᠭᠠᠨ 48 ᠴᠠᠭ ᠤᠨ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢᠯᠡᠯ ᠪᠤᠶᠤ ᠲᠤᠬᠠᠢ ᠶᠢᠨ ᠡᠳᠦᠷ ᠤᠨ ᠠᠨᠳᠢᠪᠤᠳᠢ ᠶᠢᠨ ᠤᠷᠪᠠᠯ ᠤᠨ | ᠬᠡᠮᠵᠢᠯᠲᠡ ᠶᠢᠨ ᠦᠷ᠎ᠡ ᠳ᠋ᠦᠩ ᠢᠶᠠᠨ ᠬᠠᠩᠭᠠᠬᠤ ᠬᠡᠷᠡᠭᠲᠡᠢ᠂ ᠰᠤᠷᠤᠬᠴᠢᠳ ᠰᠠᠶᠢᠨ ᠳᠤᠷ᠎ᠠ ᠠᠴᠠ ᠪᠠᠨ ᠪᠠᠶᠢᠴᠠᠭᠠᠨ ᠰᠢᠯᠭᠠᠬᠤ ᠠᠷᠭ᠎ᠠ ᠮᠠᠶ᠋ᠢᠭ ᠢ ᠰᠣᠩᠭᠤᠵᠤ | ᠪᠣᠯᠣᠨ᠎ᠠ ᠭᠡᠪᠡ᠃ | ︽ᠲᠥᠰᠥᠯ︾ ᠳᠤ ᠲᠤᠰᠠᠭᠠᠷᠯᠠᠨ ᠡᠮᠨᠡᠭᠦᠯᠵᠦ ᠪᠠᠶᠢᠭ᠎ᠠ ᠪᠤᠶᠤ ᠲᠤᠰᠠᠭᠠᠷᠯᠠᠨ ᠬᠠᠮᠢᠶᠠᠷᠤᠨ ᠡᠵᠡᠮᠳᠡᠬᠦ ᠬᠤᠭᠤᠴᠠᠭᠠᠨ ᠳᠤ ᠪᠠᠶᠢᠭ᠎ᠠ ᠬᠥᠮᠥᠰ ᠵᠢᠴᠢ | ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠬᠤᠭᠤᠯᠠᠢ ᠡᠪᠡᠳᠭᠦ᠂ ᠦᠨᠦᠷᠯᠡᠬᠦ ᠰᠡᠷᠡᠯ ᠮᠠᠭᠤᠳᠠᠬᠤ᠂ | ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠪᠤᠯᠴᠢᠩ ᠡᠪᠡᠳᠭᠦ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠲᠠᠢ ᠬᠥᠮᠥᠰ ᠰᠤᠷᠭᠠᠭᠤᠯᠢ ᠳᠠᠭᠠᠨ ᠪᠤᠴᠠᠬᠤ ᠶᠢ | ᠲᠦᠷ ᠬᠤᠶᠢᠰᠢᠯᠠᠭᠤᠯᠤᠨ᠎ᠠ ᠭᠡᠪᠡ᠃ | ᠣᠶᠢᠯᠠᠭᠠᠭᠰᠠᠨ ᠢᠶᠠᠷ᠂ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠣᠰ ᠰᠤᠷᠤᠯᠭ᠎ᠠ ᠶᠢᠨ ᠬᠤᠭᠤᠴᠠᠭ᠎ᠠ ᠬᠢᠴᠢᠶᠡᠯ ᠰᠡᠷᠭᠦᠭᠡᠵᠦ ᠵᠢᠭᠠᠨ | ᠰᠤᠷᠭᠠᠯᠲᠠ ᠶᠢᠨ ᠠᠵᠢᠯᠯᠠᠭ᠎ᠠ ᠥᠷᠨᠢᠭᠦᠯᠬᠦ ᠦᠭᠡᠢ᠂ ᠪᠤᠰᠤᠳ ᠣᠨ ᠨᠢᠭᠡᠴᠢ ᠬᠢᠵᠢᠭ ᠤᠨ ᠪᠠᠶᠢᠳᠠᠯ ᠢ ᠦᠨᠳᠦᠰᠦᠯᠡᠨ ᠶᠡᠷᠦᠩᠬᠡᠶᠢᠯᠡᠭᠰᠡᠨ ᠰᠤᠳᠤᠯᠤᠨ | ᠮᠠᠭᠠᠳᠯᠠᠯᠲᠠ ᠬᠢᠨ᠎ᠡ᠃ | ᠰᠤᠷᠭᠠᠭᠤᠯᠢ ᠶᠢᠨ ᠬᠢᠴᠢᠶᠡᠯ ᠢᠶᠠᠨ ᠰᠡᠷᠭᠦᠭᠡᠬᠦ ᠠᠴᠠ ᠡᠮᠦᠨ᠎ᠡ᠂ ᠡᠯ᠎ᠡ ᠰᠤᠷᠭᠠᠭᠤᠯᠢ ᠨᠤᠭᠤᠳ ︽ᠨᠢᠭᠡ ᠰᠤᠷᠭᠠᠭᠤᠯᠢ ᠳᠤ ᠨᠢᠭᠡ ᠲᠥᠷᠥ ᠶᠢᠨ | ᠪᠣᠳᠣᠯᠭ᠎ᠠ︾ ᠶᠣᠰᠣᠭᠠᠷ ᠰᠤᠷᠭᠠᠭᠤᠯᠢ ᠶᠢᠨ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠲᠥᠰᠥᠯ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠲᠥᠰᠥᠯ ᠢᠶᠠᠨ ᠰᠢᠯᠢᠳᠡᠭᠵᠢᠭᠦᠯᠵᠦ᠂ ᠪᠠᠲᠤᠯᠠᠭ᠎ᠠ ᠶᠢᠨ ᠠᠵᠢᠯ ᠢ ᠭᠦᠢᠴᠡᠳ ᠰᠠᠶᠢᠲᠤᠷ ᠬᠢᠬᠦ ᠬᠡᠷᠡᠭᠲᠡᠢ᠃ ᠡᠯ᠎ᠡ ᠰᠤᠷᠭᠠᠭᠤᠯᠢ ᠶᠢᠨ ᠬᠢᠨ ᠬᠢᠴᠢᠶᠡᠯ ᠤᠨ ᠭᠡᠷ᠂ | ᠬᠤᠭᠤᠯᠠᠨ ᠭᠡᠷ᠂ ᠪᠠᠶᠢᠷᠢ᠂ ᠨᠣᠮ ᠤᠨ ᠰᠠᠩ᠂ ᠤᠬᠢᠶᠠᠯᠭ᠎ᠠ ᠶᠢᠨ ᠲᠠᠰᠤᠯᠭ᠎ᠠ᠂ ᠤᠰᠤ ᠪᠤᠴᠠᠯᠭᠠᠬᠤ ᠲᠠᠰᠤᠯᠭ᠎ᠠ᠂ ᠵᠣᠷᠯᠣᠩ ᠵᠡᠷᠭᠡ ᠭᠤᠣᠯᠳᠠᠯᠭ᠎ᠠ ᠲᠠᠢ ᠭᠠᠵᠠᠷ | ᠪᠣᠯᠣᠨ ᠤᠯᠠᠨ ᠨᠡᠶᠢᠲᠡ ᠶᠢᠨ ᠲᠠᠯᠠᠪᠤᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠪᠦᠭᠦ ᠲᠠᠯ᠎ᠠ ᠪᠠᠷ ᠲᠤᠶᠢᠯᠪᠤᠷᠢᠲᠠᠢ ᠴᠡᠪᠡᠷᠯᠡᠨ ᠠᠷᠢᠭᠤᠳᠬᠠᠬᠤ ᠶᠢᠨ | ᠬᠠᠮᠲᠤ ᠬᠢᠵᠢᠭ ᠢ ᠰᠡᠷᠭᠡᠶᠢᠯᠡᠬᠦ ᠴᠢᠬᠤᠯᠠ ᠪᠦᠬᠦᠢ ᠡᠳ᠋ ᠪᠣᠳᠠᠰ ᠢ ᠭᠦᠢᠴᠡᠳ ᠲᠣᠬᠢᠷᠠᠭᠤᠯᠬᠤ ᠬᠡᠷᠡᠭᠲᠡᠢ᠃ ᠡᠯ᠎ᠡ ᠰᠤᠷᠭᠠᠭᠤᠯᠢ ᠨᠤᠭᠤᠳ ︽ᠨᠢᠭᠡ ᠠᠩᠭᠢ ᠨᠢᠭᠡ | ᠪᠣᠳᠣᠯᠭ᠎ᠠ︾ ᠶᠣᠰᠣᠭᠠᠷ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠢᠵᠢᠯ ᠠᠯᠬᠤᠮᠲᠤ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ | ᠲᠥᠰᠥᠯ ᠢ ᠲᠣᠭᠲᠠᠭᠠᠵᠤ᠂ ᠬᠡᠪ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠡᠮᠬᠢ ᠵᠢᠷᠤᠮ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | | ᠰᠤᠷᠭᠠᠭᠤᠯᠢ ᠶᠢᠨ ᠬᠢᠴᠢᠶᠡᠯ ᠰᠡᠷᠭᠦᠭᠡᠭᠰᠡᠨ ᠤ ᠳᠠᠷᠠᠭ᠎ᠠ᠂ ᠰᠤᠯᠠ ᠬᠥᠮᠥᠰ ᠰᠤᠷᠭᠠᠭᠤᠯᠢ ᠳᠤ ᠣᠷᠣᠬᠤ ᠶᠢ ᠴᠠᠭᠠᠵᠠᠯᠠᠨ᠎ᠠ᠃ ᠪᠠᠭᠰᠢ ᠰᠤᠷᠤᠬᠴᠢᠳ | ᠠᠮᠠᠪᠴᠢ ᠪᠠᠨ ᠵᠥᠪ ᠵᠡᠭᠦᠵᠦ᠂ ᠭᠠᠷ ᠢᠶᠠᠨ ᠰᠠᠶᠢᠲᠤᠷ ᠤᠬᠢᠶᠠᠵᠤ᠂ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠪᠤᠯᠬᠤ ᠤᠬᠠᠮᠰᠠᠷ ᠢ ᠪᠤᠢ | ᠪᠤᠯᠭᠠᠬᠤ ᠬᠡᠷᠡᠭᠲᠡᠢ᠃ ᠪᠠᠭᠰᠢ ᠰᠤᠷᠤᠬᠴᠢ ᠵᠢᠴᠢ ᠭᠡᠷ ᠤᠨ ᠠᠬᠠᠮᠠᠳ ︽ᠬᠤᠶᠠᠷ ᠴᠡᠭ ᠨᠢᠭᠡ ᠱᠤᠭᠤᠮ︾ ᠤᠨ ᠠᠵᠢᠯ ᠰᠤᠷᠤᠯᠴᠠᠯᠭ᠎ᠠ ᠶᠢᠨ ᠬᠡᠪ ᠵᠠᠭᠪᠤᠷ ᠢ | ᠪᠠᠷᠢᠮᠲᠠᠯᠠᠬᠤ ᠬᠡᠷᠡᠭᠲᠡᠢ᠃ ᠡᠳᠦᠷ ᠪᠦᠷᠢ ︽ᠭᠦᠭᠡᠬᠤᠳᠠ ᠪᠠᠨ ᠬᠠᠶᠢᠷᠠᠯᠠᠶ᠎ᠠ︾ App ᠳᠤ ᠲᠣᠰ ᠬᠥᠮᠥᠨ ᠵᠢᠴᠢ ᠬᠠᠮᠲᠤ ᠰᠠᠭᠤᠵᠤ ᠪᠠᠶᠢᠭ᠎ᠠ ᠬᠥᠮᠥᠰ ᠤᠨ ᠪᠡᠶ᠎ᠡ | ᠮᠠᠬᠠᠪᠤᠳ ᠤᠨ ᠡᠷᠡᠭᠦᠯ ᠮᠡᠨᠳᠦ ᠶᠢᠨ ᠪᠠᠶᠢᠳᠠᠯ ᠢᠶᠠᠨ ᠦᠨᠡᠨ ᠮᠥᠨ ᠢᠶᠠᠷ ᠨᠢ ᠲᠠᠭᠯᠠᠨ ᠮᠡᠳᠡᠭᠦᠯᠦᠨ᠎ᠡ᠃ |