︵ᠰᠤᠷᠪᠤᠯᠵᠢᠯᠠᠭᠴᠢ ᠯᠢᠶᠠᠩ ᠵᠢᠩ ᠱᠤ᠋︶ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠪᠠᠲᠤᠯᠠᠬᠤ ᠶᠢᠨ ᠲᠤᠰᠠᠳᠠ᠂ ᠬᠤᠲᠠ ᠶᠢᠨ | ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠰᠦᠯᠵᠢᠶᠡᠨ ᠤ ᠡᠮᠨᠡᠯᠭᠡ ᠶᠢᠨ ᠬᠤᠷᠢᠶ᠎ᠠ ᠵᠢᠩᠬᠢᠨᠢ ᠪᠠᠷ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠭᠦᠳᠡᠨ | ᠡᠮᠨᠡᠯᠭᠡ︾ ᠶᠢᠨ ᠰᠦᠯᠵᠢᠶᠡᠨ ᠳᠡᠭᠡᠷ᠎ᠡ ᠠᠰᠠᠭᠤᠨ ᠣᠨᠣᠰᠢᠯᠠᠬᠤ ᠵᠠᠮ ᠭᠠᠷᠭᠠᠪᠠ᠃ | ᠣᠶᠢᠯᠠᠭᠠᠭᠰᠠᠨ ᠢᠶᠠᠷ᠂ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠭᠦᠳᠡᠨ ᠡᠮᠨᠡᠯᠭᠡ︾ ᠳᠤ ᠳᠣᠲᠣᠷ ᠰᠠᠯᠠᠭ᠎ᠠ᠂ ᠬᠡᠦᠬᠡᠳ ᠤᠨ ᠰᠠᠯᠠᠭ᠎ᠠ᠂ | ᠬᠠᠯᠳᠠᠪᠤᠷᠢᠯᠠᠯ ᠤᠨ ᠴᠢᠨᠠᠷᠲᠠᠢ ᠡᠪᠡᠳᠴᠢᠨ ᠤ ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭ᠎ᠠ᠂ ᠮᠣᠩᠭᠤᠯ ᠡᠮᠨᠡᠯᠭᠡ ᠶᠢᠨ ᠰᠠᠯᠠᠭ᠎ᠠ᠂ ᠬᠢᠲᠠᠳ ᠡᠸᠦ᠋ᠷᠦᠫᠡ | ᠡᠮᠨᠡᠯᠭᠡ ᠶᠢ ᠤᠶᠠᠯᠳᠤᠭᠤᠯᠬᠤ ᠰᠠᠯᠠᠭ᠎ᠠ᠂ ᠲᠦᠷᠭᠡᠨ ᠡᠮᠨᠡᠬᠦ ᠰᠠᠯᠠᠭ᠎ᠠ᠂ ᠬᠥᠩᠭᠡᠵᠢᠭᠦᠯᠬᠦ ᠰᠠᠯᠠᠭ᠎ᠠ᠂ ᠨᠢᠷᠠᠢ ᠬᠡᠦᠬᠡᠳ ᠤᠨ ᠰᠠᠯᠠᠭ᠎ᠠ᠂ ᠬᠡᠦᠬᠡᠳ ᠤᠨ | ᠡᠷᠡᠭᠦᠯᠵᠢᠯ ᠤᠨ ᠰᠠᠯᠠᠭᠠᠨ ᠤ ᠡᠮᠴᠢ ᠨᠠᠷ ᠠᠴᠠ ᠥᠷᠭᠡᠨ ᠣᠯᠠᠨ ᠡᠪᠡᠳᠴᠢᠲᠡᠨ ᠳᠤ ᠦᠢᠯᠡᠴᠢᠯᠡᠨ᠎ᠡ᠃ | ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠭᠦᠳᠡᠨ ᠡᠮᠨᠡᠯᠭᠡ︾ ᠭᠤᠣᠯᠳᠠᠭᠤ ᠰᠦᠯᠵᠢᠶᠡᠨ ᠳᠡᠭᠡᠷᠡᠬᠢ ᠡᠷᠡᠭᠦᠯ ᠮᠡᠨᠳᠦ ᠶᠢᠨ ᠦᠨᠡᠯᠡᠯᠲᠡ᠂ ᠭᠡᠷ | ᠪᠦᠯᠢ ᠶᠢᠨ ᠡᠷᠡᠭᠦᠯ ᠮᠡᠨᠳᠦ ᠶᠢᠨ ᠵᠢᠯᠣᠭᠤᠳᠤᠯᠭ᠎ᠠ᠂ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ᠂ ᠰᠡᠳᠬᠢᠴᠡ ᠶᠢᠨ ᠵᠢᠯᠣᠭᠤᠳᠤᠯᠭ᠎ᠠ᠂ ᠡᠮ ᠲᠣᠬᠢᠷᠠᠭᠤᠯᠤᠨ | ᠬᠦᠷᠭᠡᠬᠦ ᠵᠡᠷᠭᠡ ᠦᠢᠯᠡᠴᠢᠯᠡᠭᠡ ᠬᠠᠩᠭᠠᠨ᠎ᠠ᠃ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ ᠵᠡᠷᠭᠡ ᠡᠪᠡᠳᠴᠢᠨ ᠤ ᠰᠢᠨᠵᠢ ᠲᠡᠮᠳᠡᠭ ᠲᠠᠢ᠂ ᠲᠦᠷ ᠴᠠᠭ ᠪᠠᠴᠢᠮ | ᠡᠮᠨᠡᠭᠦᠯᠬᠦ ᠱᠠᠭᠠᠷᠳᠠᠯᠭ᠎ᠠ ᠦᠭᠡᠢ ᠬᠥᠮᠥᠰ︔ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠡᠪᠡᠳᠴᠢᠨ ᠤ ᠢᠯᠡᠷᠡᠯ ᠦᠭᠡᠢ ᠡᠪᠡᠳᠴᠢᠲᠡᠨ᠂ ᠬᠥᠩᠭᠡᠨ | ᠡᠪᠡᠳᠴᠢᠲᠡᠨ᠂ ᠣᠶᠢᠷ᠎ᠠ ᠬᠠᠪᠢᠳᠠᠯ ᠴᠥᠮ ᠰᠦᠯᠵᠢᠶᠡᠨ ᠤ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠭᠦᠳᠡᠨ ᠡᠮᠨᠡᠯᠭᠡ︾ ᠪᠠᠷ ᠠᠰᠠᠭᠤᠨ | ᠣᠨᠣᠰᠢᠯᠠᠵᠤ ᠪᠣᠯᠣᠨ᠎ᠠ᠃ ᠬᠤᠲᠠ ᠶᠢᠨ ᠠᠷᠠᠳ ᠸᠢᠴᠠᠲ ᠤᠨ ᠵᠢᠵᠢᠭ ᠫᠷᠣᠭ᠍ᠷᠠᠮ ᠠᠴᠠ ︽ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ︾ ᠶᠢ ᠡᠷᠢᠨ | ᠣᠯᠵᠤ᠂ ᠲᠡᠷᠢᠭᠦᠨ ᠨᠢᠭᠤᠷ ᠲᠠᠬᠢ ︽ᠰᠦᠯᠵᠢᠶᠡᠨ ᠳᠡᠭᠡᠷᠡᠬᠢ ᠣᠨᠣᠰᠢᠯᠠᠯᠲᠠ︾ ᠶᠢ ᠲᠣᠪᠴᠢᠳᠠᠨ᠂ ᠬᠠᠷᠠᠭᠠᠯᠵᠠᠭᠰᠠᠨ ᠰᠠᠯᠠᠭ᠎ᠠ ᠲᠠᠰᠤᠭ᠂ ᠡᠮᠴᠢ ᠶᠢ | ᠰᠣᠩᠭᠤᠵᠤ᠂ ᠵᠢᠷᠤᠭ ᠥᠰᠥᠭ᠂ ᠦᠭᠡ ᠠᠪᠢᠶ᠎ᠠ᠂ ᠸᠢᠳᠢᠤ᠋ ᠮᠠᠶ᠋ᠢᠭ ᠢᠶᠠᠷ ᠠᠰᠠᠭᠤᠨ ᠣᠨᠣᠰᠢᠯᠠᠭᠤᠯᠬᠤ ᠪᠠ ᠡᠮ ᠤᠨ ᠵᠣᠷ ᠠᠪᠴᠤ ᠪᠣᠯᠣᠨ᠎ᠠ᠃ | ᠡᠮᠴᠢᠯᠡᠬᠦ ᠴᠠᠭ᠄ 8:00-12:00᠂ 14:30-17:30᠃ |