2022 ᠣᠨ ᠤ ᠥᠪᠥᠷ ᠮᠣᠩᠭᠤᠯ ᠤᠨ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠴᠤᠭᠯᠠᠭᠠᠨ ︵ᠬᠥᠬᠡᠬᠤᠲᠠ︶ ᠤ ᠬᠤᠪᠢᠶᠠᠷᠢ ᠲᠠᠯᠠᠪᠠᠶ ᠶᠢᠨ ᠠᠵᠢᠯᠲᠠᠨ ᠡᠯᠰᠡᠬᠦ ᠰᠢᠷᠢᠰ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2022/12/19
      12 ᠳ᠋ᠤᠭᠠᠷ ᠰᠠᠷ᠎ᠠ ᠶᠢᠨ 17 ᠤ ᠡᠳᠦᠷ᠂ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠴᠤᠭᠯᠠᠭᠠᠨ ︵ᠬᠥᠬᠡᠬᠤᠲᠠ︶ ᠤ ᠬᠤᠪᠢᠶᠠᠷᠢ ᠲᠠᠯᠠᠪᠠᠶ ᠶᠢᠨ ᠠᠵᠢᠯᠲᠠᠨ ᠡᠯᠰᠡᠬᠦ ᠰᠢᠷᠢᠰ ᠠᠵᠢᠯᠯᠠᠭ᠎ᠠ ᠬᠥᠬᠡᠬᠤᠲᠠ ᠳᠤ ᠡᠬᠢᠯᠡᠪᠡ᠃ ᠲᠣᠰ ᠤᠳᠠᠭᠠᠨ ᠤ ᠠᠵᠢᠯᠲᠠᠨ ᠡᠯᠰᠡᠬᠦ ᠰᠢᠷᠢᠰ ᠠᠵᠢᠯᠯᠠᠭ᠎ᠠ ᠶᠢ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠠᠴᠠ ᠭᠤᠣᠯᠯᠠᠨ ᠡᠷᠭᠢᠯᠡᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠰᠢᠷᠢᠰ ᠠᠵᠢᠯᠯᠠᠭ᠎ᠠ ᠶᠢ ᠭᠤᠣᠯᠳᠠᠭᠤ 2022 ᠣᠨ ᠤ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠥᠩᠭᠡᠷᠡᠭᠰᠡᠨ ᠬᠤᠭᠤᠴᠠᠭᠠᠨ ᠤ ᠠᠵᠢᠯ ᠣᠯᠣᠭᠠᠳᠤᠢ ᠲᠡᠭᠦᠰᠦᠭᠰᠡᠳ᠂ ᠬᠤᠲᠠ ᠪᠠᠯᠭᠠᠰᠤ ᠶᠢᠨ ᠠᠵᠢᠯ ᠠᠯᠳᠠᠭᠰᠠᠳ᠂ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ ᠬᠦᠮᠦᠰ᠂ 35 ᠨᠠᠰᠤᠨ ᠠᠴᠠ ᠳᠣᠷᠣᠭᠰᠢᠬᠢ ᠠᠵᠢᠯ ᠠᠯᠳᠠᠭᠰᠠᠨ ᠢᠶᠠᠷ ᠲᠠᠩᠰᠠᠯᠠᠭᠤᠯᠤᠭᠰᠠᠨ ᠵᠠᠯᠠᠭᠤᠴᠤᠳ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂  ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠵᠡᠮᠳᠡᠭᠴᠦᠳ ᠵᠡᠷᠭᠡ ᠭᠤᠣᠯᠳᠠᠯᠭ᠎ᠠ ᠲᠠᠢ ᠬᠥᠮᠥᠰ ᠵᠢᠴᠢ ᠪᠤᠰᠤᠳ ᠠᠵᠢᠯ ᠡᠷᠢᠬᠦ ᠬᠡᠷᠡᠭᠴᠡᠭᠡ ᠱᠠᠭᠠᠷᠳᠠᠯᠭ᠎ᠠ ᠲᠠᠢ ᠡᠯ᠎ᠡ ᠲᠥᠷᠥᠯ ᠤᠨ ᠬᠥᠮᠥᠰ ᠪᠣᠯᠣᠨ ᠠᠵᠢᠯᠲᠠᠨ ᠡᠯᠰᠡᠬᠦ ᠬᠡᠷᠡᠭᠴᠡᠭᠡ ᠱᠠᠭᠠᠷᠳᠠᠯᠭ᠎ᠠ ᠲᠠᠢ ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠡ᠃      ᠬᠥᠬᠡᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠶᠢᠨ ᠠᠵᠢᠯᠯᠠᠭ᠎ᠠ ᠳᠤ ︽ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠴᠤᠭᠯᠠᠭᠠᠨ︾ ᠪᠠ ︽ᠡᠭᠦᠯᠡᠨ ᠦᠵᠦᠭᠦᠷ ᠳᠡᠭᠡᠷ᠎ᠡ ᠠᠵᠢᠯ ᠤᠨ ᠪᠠᠶᠢᠷᠢ ᠬᠦᠷᠭᠡᠬᠦ ᠰᠢᠭᠤᠳ ᠨᠡᠪᠲᠡᠷᠡᠭᠦᠯᠭᠡ ᠶᠢᠨ ᠲᠠᠰᠤᠭ︾ ︽ᠠᠵᠢᠯ ᠣᠯᠭᠤᠬᠤ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠢᠭᠤᠳ ᠨᠡᠪᠲᠡᠷᠡᠭᠦᠯᠭᠡ ᠶᠢᠨ ᠲᠠᠰᠤᠭ︾ ᠵᠡᠷᠭᠡ 3 ᠬᠡᠮᠵᠢᠯᠲᠦ ᠦᠢᠯᠡᠴᠢᠯᠡᠭᠡᠨ ᠤ ᠲᠠᠪᠴᠠᠩ ᠢ ᠲᠣᠬᠢᠷᠠᠭᠤᠯᠪᠠ᠃ ᠡᠭᠦᠨ ᠤ ᠬᠠᠮᠲᠤ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠴᠤᠭᠯᠠᠭᠠᠨ ᠢ ᠵᠡᠷᠭᠡ ᠪᠠᠷ ᠥᠷᠨᠢᠭᠦᠯᠵᠦ᠂ ᠠᠵᠢᠯ ᠡᠷᠢᠭᠰᠡᠳ ᠪᠠ ᠬᠥᠮᠥᠨ ᠬᠡᠷᠡᠭᠯᠡᠬᠦ ᠨᠢᠭᠡᠴᠡ ᠳᠤ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠲᠥᠷᠥ  ᠶᠢᠨ ᠪᠣᠳᠣᠯᠭ᠎ᠠ  ᠶᠢ ᠰᠦᠯᠵᠢᠶᠡᠨ ᠳᠡᠭᠡᠷ᠎ᠡ ᠤᠬᠠᠭᠤᠯᠤᠨ ᠲᠠᠶᠢᠯᠪᠤᠷᠢᠯᠠᠵᠤ᠂ ᠬᠠᠩᠭᠠᠯᠭ᠎ᠠ ᠬᠡᠷᠡᠭᠴᠡᠭᠡᠨ ᠤ ᠲᠠᠪᠴᠠᠩ  ᠢ ᠪᠠᠶᠢᠭᠤᠯᠤᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠬᠡᠷᠡᠭᠯᠡᠬᠦ  ᠶᠢ ᠪᠠᠲᠤᠯᠠᠵᠤ᠂ ᠡᠯ᠎ᠡ ᠲᠥᠷᠥᠯ ᠤᠨ  ᠬᠦᠮᠦᠰ ᠤᠨ ᠠᠵᠢᠯ ᠣᠯᠭᠤᠯᠲᠠ ᠶᠢ ᠪᠥᠬᠦ ᠬᠦᠴᠦᠨ ᠢᠶᠠᠷ ᠠᠬᠢᠭᠤᠯᠤᠨ᠎ᠠ᠃      ᠣᠲᠣ ᠪᠣᠯᠲᠠᠯ᠎ᠠ᠂ ︽ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ︾ ᠳᠤ 129 ᠨᠢᠭᠡᠴᠡ ᠣᠷᠣᠯᠴᠠᠵᠤ᠂ 3604 ᠠᠵᠢᠯ ᠤᠨ ᠪᠠᠶᠢᠷᠢ ᠬᠠᠩᠭᠠᠪᠠ︔ ︽ᠡᠭᠦᠯᠡᠨ ᠦᠵᠦᠭᠦᠷ ᠳᠡᠭᠡᠷ᠎ᠡ ᠠᠵᠢᠯ ᠤᠨ ᠪᠠᠶᠢᠷᠢ ᠬᠦᠷᠭᠡᠬᠦ ᠰᠢᠭᠤᠳ ᠨᠡᠪᠲᠡᠷᠡᠭᠦᠯᠭᠡ ᠶᠢᠨ ᠲᠠᠰᠤᠭ︾ ᠲᠤ ᠨᠡᠶᠢᠲᠡ 30 ᠬᠥᠮᠥᠨ ᠬᠡᠷᠡᠭᠯᠡᠬᠦ ᠠᠵᠤ ᠠᠬᠤᠶᠢᠯᠠᠯ ᠢ ᠲᠠᠨᠢᠯᠴᠠᠭᠤᠯᠵᠤ᠂ 135 ᠵᠦᠢᠯ ᠤᠨ ᠠᠵᠢᠯ ᠮᠡᠷᠭᠡᠵᠢᠯ᠂ 1600 ᠭᠠᠷᠤᠢ ᠠᠵᠢᠯ ᠤᠨ ᠪᠠᠶᠢᠷᠢ ᠬᠠᠩᠭᠠᠵᠤ᠂ ᠰᠢᠭᠤᠳ ᠨᠡᠪᠲᠡᠷᠡᠭᠦᠯᠭᠡ ᠶᠢ ᠦᠵᠡᠭᠰᠡᠨ ᠨᠢ 8425 ᠬᠥᠮᠥᠨ ᠤᠳᠠᠭ᠎ᠠ ᠪᠣᠢ︔ ︽ᠠᠵᠢᠯ ᠣᠯᠭᠤᠬᠤ ᠦᠢᠯᠡᠰ ᠪᠣᠰᠬᠠᠬᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠢᠭᠤᠳ ᠨᠡᠪᠲᠡᠷᠡᠭᠦᠯᠭᠡ︾ ᠶᠢᠨ ᠰᠢᠭᠤᠳ ᠨᠡᠪᠲᠡᠷᠡᠭᠦᠯᠭᠡ ᠶᠢ  ᠦᠵᠡᠭᠰᠡᠨ ᠨᠢ 7718 ᠬᠥᠮᠥᠨ ᠤᠳᠠᠭ᠎ᠠ ᠪᠣᠢ᠃      ᠠᠵᠢᠯᠲᠠᠨ ᠡᠯᠰᠡᠬᠦ ᠰᠢᠷᠢᠰ ᠠᠵᠢᠯᠯᠠᠭ᠎ᠠ 2023 ᠣᠨ ᠤ 1ᠳ᠋ᠤᠭᠡᠷ ᠰᠠᠷ᠎ᠠ ᠶᠢᠨ 17 ᠤ ᠡᠳᠦᠷ ᠪᠣᠯᠲᠠᠯ᠎ᠠ ᠦᠷᠭᠦᠯᠵᠢᠯᠡᠵᠦ᠂ ᠡᠨᠡ ᠬᠤᠭᠤᠴᠠᠭᠠᠨ ᠳᠤ ᠪᠥᠬᠦ ᠬᠤᠲᠠ ᠪᠠᠷ ᠢᠶᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ ᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠪᠣᠶ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ