ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠡᠮᠨᠡᠯᠭᠡ ᠶᠢᠨ ᠬᠤᠷᠢᠶ᠎ᠠ ︵ᠲᠠᠷᠢᠬᠢᠨ ᠤ  ᠰᠠᠯᠠᠭ᠎ᠠ ᠶᠢᠨ ᠡᠮᠨᠡᠯᠭᠡ ᠶᠢᠨ ᠬᠤᠷᠢᠶ᠎ᠠ︶ ᠰᠢᠤᠳᠠᠨ ᠢᠶᠠᠷ ᠡᠮ ᠢᠯᠡᠭᠡᠬᠦ ᠦᠢᠯᠡᠴᠢᠯᠡᠭᠡ ᠶᠢ ᠨᠡᠭᠡᠭᠡᠪᠡ
ᠨᠡᠶᠢᠲᠡᠯᠡᠭᠰᠡᠨ ᠴᠠᠭ᠄
2022/12/19
      ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠡᠮᠨᠡᠯᠭᠡ ᠶᠢᠨ ᠬᠤᠷᠢᠶ᠎ᠠ ︵ᠲᠠᠷᠢᠬᠢᠨ ᠤ ᠰᠠᠯᠠᠭ᠎ᠠ ᠶᠢᠨ ᠡᠮᠨᠡᠯᠭᠡ ᠶᠢᠨ ᠬᠤᠷᠢᠶ᠎ᠠ︶ ᠠᠴᠠ ᠣᠶᠢᠯᠠᠭᠠᠭᠰᠠᠨ ᠢᠶᠠᠷ᠂ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ 12 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ ᠳᠠᠬᠢᠨ ᠣᠨᠤᠰᠢᠯᠠᠭᠤᠯᠵᠤ ᠡᠮᠨᠡᠭᠦᠯᠬᠦ ᠬᠤᠪᠢ ᠶᠢᠨ ᠵᠠᠷᠤᠳᠠᠯ ᠢᠶᠠᠷ ᠡᠪᠡᠳᠴᠢᠨ ᠦᠵᠡᠭᠦᠯᠬᠦ ᠡᠪᠡᠳᠴᠢᠲᠡᠨ ᠳᠤ ᠡᠮ ᠢᠯᠡᠭᠡᠵᠦ ᠥᠭᠬᠦ ᠦᠢᠯᠡᠴᠢᠯᠡᠭᠡ ᠬᠠᠩᠭᠠᠨ᠎ᠠ᠃ ᠬᠡᠷᠪᠡ ᠡᠮᠴᠢᠯᠡᠭᠡᠨ ᠤ ᠳᠠᠭᠠᠳᠬᠠᠯ ᠢᠶᠠᠷ ᠡᠮ ᠠᠪᠬᠤ ᠴᠢᠬᠤᠯᠠᠲᠠᠢ ᠪᠣᠯ ᠡᠪᠡᠳᠴᠢᠲᠡᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠨ ᠠᠪᠴᠤ ᠲᠤᠬᠠᠢ ᠶᠢᠨ ᠲᠠᠯᠠᠪᠤᠷ ᠲᠤ ᠬᠦᠷᠴᠦ ᠡᠮ ᠠᠪᠤᠨ᠎ᠠ᠃      ᠣᠶᠢᠯᠠᠭᠠᠭᠰᠠᠨ ᠢᠶᠠᠷ᠂ ᠡᠪᠡᠳᠴᠢᠨ ᠤ ᠪᠠᠶᠢᠳᠠᠯ ᠨᠢ ᠲᠣᠭᠲᠠᠪᠤᠷᠢᠲᠠᠢ ᠳᠠᠬᠢᠨ ᠡᠮᠨᠡᠭᠦᠯᠦᠭᠰᠡᠨ ᠡᠪᠡᠳᠴᠢᠲᠡᠨ ︵ᠵᠥᠪᠬᠡᠨ ᠳᠠᠬᠢᠨ ᠡᠮᠨᠡᠭᠦᠯᠦᠭᠰᠡᠨ ᠬᠤᠪᠢ ᠶᠢᠨ ᠵᠠᠷᠤᠳᠠᠯ ᠢᠶᠠᠷ ᠡᠪᠡᠳᠴᠢᠨ ᠦᠵᠡᠭᠦᠯᠦᠭᠰᠡᠨ ᠡᠪᠡᠳᠴᠢᠲᠡᠨ ᠢᠶᠠᠷ ᠬᠢᠵᠠᠭᠠᠷᠯᠠᠨ᠎ᠠ︶ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ︾ ᠤᠨ ᠸᠢᠴᠠᠲ ᠤᠨ ᠨᠡᠶᠢᠲᠡ ᠶᠢᠨ ᠳ᠋ᠤᠭᠠᠷ ᠢ ᠠᠩᠬᠠᠷᠴᠤ᠂ ᠡᠪᠡᠳᠴᠢᠨ ᠦᠵᠡᠭᠦᠯᠬᠦ ᠦᠢᠯᠡᠴᠢᠯᠡᠭᠡ ᠶᠢ ᠰᠤᠩᠭᠤᠭᠠᠳ ᠤᠷᠢᠳᠴᠢᠯᠠᠨ ᠪᠣᠯᠵᠤᠵᠤ ᠳ᠋ᠤᠭᠠᠷ ᠠᠪᠬᠤ ᠶᠢ ᠲᠣᠪᠴᠢᠳᠠᠨ᠎ᠠ︔ ︽ᠮᠡᠳᠡᠷᠡᠯ ᠤᠨ ᠰᠠᠯᠠᠭ᠎ᠠ︾ ᠶᠢ ᠰᠣᠩᠭᠤᠵᠤ᠂ ᠳᠠᠬᠢᠨ ︽ᠤᠯᠠᠭᠠᠨᠴᠠᠪ ᠵᠠᠮ ᠤᠨ ᠡᠮᠨᠡᠯᠭᠡ ᠶᠢᠨ ᠬᠤᠷᠢᠶᠠᠨ ᠤ ᠲᠣᠭᠤᠷᠢᠭ ᠤᠨ ᠮᠡᠳᠡᠷᠡᠯ ᠤᠨ ᠰᠠᠯᠠᠭᠠᠨ ᠤ ᠡᠩ ᠤᠨ ᠡᠭᠦᠳᠡᠨ ᠡᠮᠨᠡᠯᠭᠡ︾ ᠶᠢ ᠰᠣᠩᠭᠤᠨ᠎ᠠ︔ ᠲᠤᠰ ᠡᠳᠦᠷ ᠡᠪᠡᠳᠴᠢᠨ ᠦᠵᠡᠬᠦ ᠡᠮᠴᠢ ᠶᠢ ᠰᠣᠩᠭᠤᠵᠤ᠂ ᠳᠠᠷᠤᠶᠢᠬᠠᠨ ᠤᠷᠢᠳᠴᠢᠯᠠᠨ ᠪᠣᠯᠵᠤᠬᠤ ᠶᠢ ᠲᠣᠪᠴᠢᠳᠠᠵᠤ᠂  ᠦᠯᠡᠳᠡᠵᠦ ᠪᠠᠶᠢᠭ᠎ᠠ ᠨᠤᠮᠧᠷ ᠢ ᠳᠠᠷᠤᠵᠤ᠂ ᠮᠡᠳᠡᠭᠡ ᠵᠠᠩᠭᠢ ᠪᠠᠨ ᠲᠤᠰᠢᠶᠠᠬᠤ ᠶᠢᠨ ᠬᠠᠮᠲᠤ ᠳᠠᠷᠤᠶᠢᠬᠠᠨ ᠳ᠋ᠤᠭᠠᠷ ᠠᠪᠬᠤ ᠰᠦᠢᠳᠬᠡᠯ ᠢᠶᠠᠨ ᠲᠤᠰᠢᠶᠠᠨ᠎ᠠ ︵ᠵᠠᠪᠠᠯ ᠳ᠋ᠤᠭᠠᠷ ᠠᠪᠬᠤ ᠰᠦᠢᠳᠬᠡᠯ ᠢ ᠲᠤᠰᠢᠶᠠᠭᠠᠷᠠᠢ︶︔ ᠳ᠋ᠤᠭᠠᠷ ᠢᠶᠠᠨ ᠠᠪᠤᠭᠰᠠᠨ ᠤ ᠳᠠᠷᠠᠭ᠎ᠠ ᠳᠠᠷᠤᠶᠢᠬᠠᠨ ᠠᠵᠢᠯᠲᠠᠳ ᠲᠠᠢ ᠬᠠᠷᠢᠯᠴᠠᠨ᠎ᠠ᠂ ᠬᠠᠷᠢᠯᠴᠠᠬᠤ ᠤᠲᠠᠰᠤ 12320-5 ᠪᠤᠶᠤ 0471-4936437︔ ᠡᠬᠢᠨ ᠤ ᠨᠢᠭᠤᠷ ᠢ ᠲᠣᠪᠴᠢᠳᠠᠵᠤ᠂ ᠰᠦᠢᠳᠬᠡᠯ ᠲᠤᠰᠢᠶᠠᠬᠤ ᠶᠢ ᠳᠠᠷᠤᠬᠤ ᠶᠢᠨ ᠬᠠᠮᠲᠤ ᠰᠦᠢᠳᠬᠡᠯ ᠲᠤᠰᠢᠶᠠᠬᠤ ᠨᠢᠭᠤᠷ ᠲᠤ ᠣᠷᠣᠵᠤ ᠰᠦᠢᠳᠬᠡᠯ ᠢᠶᠠᠨ ᠲᠤᠰᠢᠶᠠᠪᠠᠯ ᠪᠣᠯᠴᠢᠬᠠᠨ᠎ᠠ᠃ ᠬᠠᠮᠤᠭ ᠠᠷᠪᠢᠨ ᠳᠠᠭᠠᠨ ᠨᠢᠭᠡ ᠰᠠᠷ᠎ᠠ ᠶᠢᠨ ᠡᠮ ᠢ ᠢᠯᠡᠭᠡᠨ ᠶᠠᠪᠤᠭᠤᠯᠵᠤ ᠪᠣᠯᠣᠨ᠎ᠠ᠂ ᠢᠯᠡᠭᠡᠬᠦ ᠵᠦᠢᠯ ᠳᠤ ᠡᠮ᠂ ᠰᠦᠢᠳᠬᠡᠯ ᠬᠤᠷᠢᠶᠠᠭᠰᠠᠨ ᠨᠠᠷᠢᠨ ᠬᠠᠭᠤᠳᠠᠰᠤ ᠵᠢᠴᠢ ᠡᠯᠧᠺᠲᠷᠣᠨ ᠪᠠᠷᠢᠮᠲᠠ ᠶᠢ ᠪᠠᠭᠲᠠᠭᠠᠨ᠎ᠠ᠃ ᠡᠮᠨᠡᠯᠭᠡ ᠶᠢᠨ ᠬᠤᠷᠢᠶ᠎ᠠ ᠠᠴᠠ ᠡᠪᠡᠳᠴᠢᠲᠡᠨ ᠵᠢᠴᠢ ᠭᠡᠷ ᠪᠦᠯᠢ ᠶᠢᠨ  ᠬᠢᠨ ᠢ ᠡᠮ ᠢᠶᠠᠨ ᠰᠠᠶᠢᠲᠤᠷ ᠬᠠᠳᠠᠭᠠᠯᠠᠨ ᠬᠠᠮᠢᠶᠠᠷᠴᠤ᠂ ᠡᠮ ᠤᠨ ᠠᠶᠤᠯ ᠦᠭᠡᠢ ᠬᠡᠷᠡᠭᠯᠡᠬᠦ ᠶᠢ ᠱᠠᠭᠠᠷᠳᠠᠵᠤ ᠪᠠᠶᠢᠨ᠎ᠠ᠃ ᠡᠪᠡᠳᠴᠢᠨ ᠤ ᠪᠠᠶᠢᠳᠠᠯ ᠨᠢ ᠲᠣᠭᠲᠠᠪᠤᠷᠢ ᠦᠭᠡᠢ  ᠪᠠᠶᠢᠳᠠᠯ ᠭᠠᠷᠬᠤ ᠡᠪᠡᠳᠴᠢᠲᠡᠨ ᠭᠤᠣᠯᠯᠠᠬᠤ ᠡᠮᠴᠢ ᠠᠴᠠ ᠤᠲᠠᠰᠤ ᠪᠠᠷ ᠠᠰᠠᠭᠤᠨ ᠯᠠᠪᠯᠠᠵᠤ ᠪᠣᠯᠣᠨ᠎ᠠ᠂ ᠡᠭᠦᠳᠡᠨ ᠡᠮᠨᠡᠯᠭᠡ ᠶᠢᠨ ᠠᠰᠠᠭᠤᠨ ᠯᠠᠪᠯᠠᠬᠤ ᠤᠲᠠᠰᠤ᠄ 0471-4935437᠃ ᠡᠮ ᠢᠯᠡᠭᠡᠬᠦ ᠴᠠᠭ᠄ 8᠄ 30 ︱ 11᠄ 00᠂ 14᠄ 30 ︱ 16᠄ 00᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ