ᠭᠦᠭᠡᠬᠤᠲᠠ᠄ ᠬᠠᠮᠠᠭᠠᠯᠠᠯᠲᠠ ᠶᠢᠨ ᠳᠠᠶᠢᠯᠠᠯᠳᠤᠭᠠᠨ ᠱᠠᠲᠤᠴᠢ ᠴᠢᠨᠠᠷᠲᠠᠢ ᠦᠷ᠎ᠡ ᠪᠦᠲᠦᠮᠵᠢ ᠣᠯᠵᠤ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠨᠥᠬᠦᠴᠡᠯ ᠢ ᠪᠦᠷᠢᠯᠳᠦᠭᠦᠯᠪᠡ
ᠨᠡᠶᠢᠲᠡᠯᠡᠭᠰᠡᠨ ᠴᠠᠭ᠄
2022/12/2
      12 ᠰᠠᠷ᠎ᠠ ᠶᠢᠨ 1  ᠤ ᠡᠳᠦᠷ ᠬᠤᠷᠠᠯᠳᠤᠭᠤᠯᠤᠭᠰᠠᠨ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ︵81 ᠳ᠋ᠦ᠋ᠭᠡᠷ ᠲᠠᠯᠠᠪᠠᠶ︶ ᠳᠡᠭᠡᠷ᠎ᠡ᠂ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠰᠢᠦᠢ ᠱᠧᠦ ᠵᠢᠢ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠰᠠᠶᠢᠲᠤᠷ ᠬᠢᠬᠦ ᠶᠢ ᠮᠡᠳᠡᠭᠳᠡᠪᠡ᠃
1201.png
           ᠰᠢᠦᠢ ᠱᠧᠦ ᠵᠢᠢ᠂ ᠪᠡᠷᠬᠡ ᠬᠠᠲᠠᠭᠤᠵᠢᠯᠲᠠᠢ ᠪᠣᠭᠤᠮᠲᠠ ᠰᠢᠪᠲᠤᠯᠬᠤ ᠪᠠᠷ ᠳᠡᠮᠵᠢᠨ᠂ ᠭᠦᠭᠡᠬᠤᠲᠠ ᠶᠢ ᠬᠠᠮᠠᠭᠠᠯᠠᠬᠤ ᠳᠠᠶᠢᠯᠠᠯᠳᠤᠭᠠᠨ ᠱᠠᠲᠤᠴᠢ ᠴᠢᠨᠠᠷᠲᠠᠢ ᠦᠷ᠎ᠡ ᠪᠦᠲᠦᠮᠵᠢ ᠣᠯᠵᠤ᠂ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠪᠠᠶᠢᠳᠠᠯ ᠳᠤ ᠰᠢᠯᠵᠢᠭᠦ ᠨᠥᠬᠦᠴᠡᠯ ᠢ ᠪᠦᠷᠢᠯᠳᠦᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠡᠮᠬᠢ ᠵᠢᠷᠤᠮ ᠲᠠᠢ ᠰᠡᠷᠭᠦᠭᠡᠬᠦ ᠶᠢᠨ ᠲᠥᠯᠥᠭᠡ᠂ ᠣᠲᠣ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠤᠯᠲᠠ ᠬᠢᠪᠡ ᠭᠡᠯ᠎ᠡ᠃      ᠨᠢᠭᠡ ᠳᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠤᠬᠠᠢ᠃ ᠳᠣᠣᠷ᠎ᠠ ᠲᠦᠭᠰᠢᠭᠦᠷᠢᠲᠦ ᠣᠷᠣᠨ ᠳᠤ ᠥᠩᠭᠡᠷᠡᠭᠰᠡᠨ ᠤ 24 ᠴᠠᠭ ᠲᠤ ᠨᠢᠭᠡ ᠤᠳᠠᠭ᠎ᠠ ᠪᠠᠶᠢᠴᠠᠭᠠᠵᠤ ᠪᠠᠶᠢᠭᠰᠠᠨ ᠠᠴᠠ ᠪᠠᠨ 48 ᠴᠠᠭ ᠲᠤ ᠨᠢᠭᠡ ᠤᠳᠠᠭ᠎ᠠ ᠪᠠᠶᠢᠴᠠᠭᠠᠬᠤ ᠪᠣᠯᠭᠠᠨ ᠲᠣᠬᠢᠷᠠᠭᠤᠯᠵᠤ᠂ ᠣᠷᠳᠣ ᠬᠤᠭᠤᠴᠠᠭ᠎ᠠ ᠪᠠᠷ ᠭᠡᠷ ᠲᠡᠭᠡᠨ ᠰᠠᠭᠤᠵᠤ ᠪᠠᠶᠢᠭ᠎ᠠ ᠨᠠᠰᠤᠲᠠᠳ᠂ ᠭᠡᠷ ᠲᠡᠭᠡᠨ ᠰᠠᠭᠤᠵᠤ ᠠᠵᠢᠯᠯᠠᠵᠤ ᠰᠤᠷᠤᠯᠴᠠᠵᠦ  ᠪᠠᠶᠢᠭ᠎ᠠ ᠬᠥᠮᠥᠰ᠂ ᠨᠢᠯᠬ᠎ᠠ ᠨᠢᠷᠠᠢ ᠬᠡᠦᠬᠡᠳ ᠵᠡᠷᠭᠡ ᠨᠡᠶᠢᠭᠡᠮ ᠤᠨ ᠠᠵᠢᠯᠯᠠᠭ᠎ᠠ  ᠳᠤ ᠣᠷᠣᠯᠴᠠᠳᠠᠭ ᠦᠭᠡᠢ ᠬᠥᠮᠥᠰ ᠬᠡᠷᠪᠡ ᠭᠠᠳᠠᠭᠰᠢ ᠭᠠᠷᠬᠤ ᠱᠠᠭᠠᠷᠳᠠᠯᠭ᠎ᠠ ᠦᠭᠡᠢ ᠪᠣᠯ ᠨᠡᠶᠢᠭᠡᠮ ᠲᠣᠭᠤᠷᠢᠭ ᠤᠨ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠳᠤ ᠣᠷᠤᠯᠴᠠᠬᠤ ᠦᠭᠡᠢ ᠪᠠᠶᠢᠵᠤ ᠪᠤᠯᠤᠨ᠎ᠠ; ᠥᠨᠳᠥᠷ ᠲᠦᠭᠰᠢᠭᠦᠷᠢᠲᠡᠢ ᠣᠷᠣᠨ᠂ ᠲᠤᠰᠠᠭᠠᠷᠯᠠᠬᠤ ᠴᠡᠭ᠂ ᠭᠤᠣᠯᠳᠠᠯᠭ᠎ᠠ ᠲᠠᠢ ᠬᠥᠮᠥᠰ ᠲᠤ 24 ᠴᠠᠭ ᠲᠤ ᠨᠢᠭᠡ ᠪᠠᠶᠢᠴᠠᠭᠠᠯᠲᠠ ᠬᠢᠬᠦ ᠶᠢ ᠬᠡᠷᠡᠭᠵᠢᠭᠦᠯᠦᠨ᠎ᠡ᠃      ᠬᠤᠶᠠᠷ ᠲᠤ᠂ ᠲᠦᠭᠰᠢᠭᠦᠷᠢᠲᠡᠢ ᠣᠷᠣᠨ ᠢ ᠵᠠᠭᠠᠭᠯᠠᠨ ᠲᠣᠭᠲᠠᠭᠠᠬᠤ ᠲᠤᠬᠠᠢ᠃ ᠥᠨᠳᠥᠷ ᠲᠦᠭᠰᠢᠭᠦᠷᠢᠲᠡᠢ ᠣᠷᠣᠨ ᠢ ᠶᠡᠷᠦ ᠳᠡᠭᠡᠨ ᠤᠷᠤᠴᠠ᠂ ᠠᠰᠠᠷ ᠢᠶᠠᠷ ᠨᠢᠭᠡᠴᠢ ᠪᠣᠯᠭᠠᠨ ᠬᠤᠪᠢᠶᠠᠷᠢᠯᠠᠨ ᠲᠣᠭᠲᠠᠭᠠᠵᠤ᠂ ᠥᠨᠳᠥᠷ ᠲᠦᠭᠰᠢᠭᠦᠷᠢᠲᠡᠢ ᠤᠷᠤᠴᠠ᠂ ᠠᠰᠠᠷ ᠤᠨ ᠪᠠᠶᠢᠭ᠎ᠠ ᠰᠠᠭᠤᠭᠠᠯᠢ ᠲᠣᠭᠤᠷᠢᠭ ᠤᠨ ᠪᠤᠰᠤᠳ ᠤᠷᠤᠴᠠ᠂ ᠠᠰᠠᠷ ᠢ ᠳᠣᠣᠷ᠎ᠠ ᠲᠦᠭᠰᠢᠭᠦᠷᠢᠲᠡᠢ ᠣᠷᠣᠨ ᠤ ᠶᠣᠰᠣᠭᠠᠷ ᠬᠠᠮᠢᠶᠠᠷᠤᠯᠲᠠ ᠬᠢᠵᠦ᠂ ᠰᠠᠭᠤᠭᠠᠯᠢ ᠠᠷᠠᠳ ᠤᠨ ᠲᠣᠭᠤᠷᠢᠭ ᠲᠠᠭᠠᠨ ᠣᠷᠣᠵᠤ ᠭᠠᠷᠬᠤ ᠶᠢ ᠡᠮᠬᠢ ᠵᠢᠷᠤᠮ ᠲᠠᠢ ᠪᠠᠲᠤᠯᠠᠨ᠎ᠠ᠃ ᠥᠨᠳᠥᠷ ᠲᠦᠭᠰᠢᠭᠦᠷᠢᠲᠡᠢ ᠣᠷᠣᠨ ᠳᠤ 5 ᠡᠳᠦᠷ ᠳᠠᠷᠠᠭᠠᠯᠠᠨ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠬᠳᠠᠬᠰᠠᠳ ᠢᠯᠡᠷᠡᠭᠰᠡᠨ ᠦᠭᠡᠢ ᠪᠠᠶᠢᠪᠠᠯ᠂ ᠳᠣᠣᠷ᠎ᠠ ᠲᠦᠭᠰᠢᠭᠦᠷᠢᠲᠡᠢ ᠣᠷᠣᠨ ᠪᠣᠯᠭᠠᠨ ᠪᠠᠭᠤᠷᠠᠭᠤᠯᠤᠨ᠎ᠠ᠃      ᠭᠤᠷᠪᠠ ᠳᠤ᠂ ᠨᠡᠶᠢᠭᠡᠮ ᠤᠨ ᠬᠠᠮᠢᠶᠠᠷᠤᠯᠲᠠ ᠡᠵᠡᠮᠳᠡᠯ ᠤᠨ ᠲᠤᠬᠠᠢ᠃ ᠥᠨᠳᠥᠷ ᠲᠦᠭᠰᠢᠭᠦᠷᠢᠲᠡᠢ ᠣᠷᠣᠨ ᠤ ᠬᠢᠨ ︽ᠭᠡᠷ ᠠᠴᠠ ᠪᠠᠨ ᠭᠠᠷᠬᠤ ᠦᠭᠡᠢ᠂ ᠭᠡᠷ  ᠲᠤᠨᠢ ᠬᠦᠷᠴᠦ ᠦᠢᠯᠡᠴᠢᠯᠡᠬᠦ︾ ᠶᠢ ᠪᠡᠶᠡᠯᠡᠭᠦᠯᠵᠦ᠂ ᠳᠣᠣᠷ᠎ᠠ ᠲᠦᠭᠰᠢᠭᠦᠷᠢᠲᠡᠢ ᠣᠷᠣᠨ ᠤ ᠰᠠᠭᠤᠭᠠᠯᠢ ᠠᠷᠠᠳ ᠲᠣᠭᠤᠷᠢᠭ ᠲᠠᠭᠠᠨ ᠣᠷᠣᠵᠤ ᠭᠠᠷᠬᠤ ᠳᠤ ᠺᠣᠳ᠋ ᠰᠢᠷᠪᠢᠭᠦ ᠶᠢ ᠴᠢᠩᠳᠠᠯᠠᠵᠤ᠂ ᠪᠥᠭᠡᠮ ᠬᠦᠴᠢᠯ ᠤᠨ ᠪᠠᠶᠢᠴᠠᠭᠠᠯᠲᠠ ᠨᠢ ᠪᠢᠯᠢᠭ ᠴᠢᠨᠠᠷᠲᠠᠢ ᠦᠷ᠎ᠡ ᠳ᠋ᠦᠩ ᠢ ᠰᠢᠯᠭᠠᠵᠤ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠭᠡᠢ ᠪᠣᠯ ᠳᠤᠭᠢᠶᠠᠨ ᠴᠣᠩᠬᠤ ᠪᠠᠷ ᠬᠠᠮᠢᠶᠠᠷᠬᠤ ᠶᠢ ᠬᠡᠷᠡᠭᠵᠢᠭᠦᠯᠵᠦ᠂ ᠲᠤᠬᠠᠢ ᠶᠢᠨ ᠬᠤᠭᠤᠴᠠᠭᠠᠨ ᠳᠤ ᠣᠯᠠᠨ ᠨᠡᠶᠢᠲᠡ ᠶᠢᠨ ᠲᠠᠯᠠᠪᠤᠷ ᠲᠤ ᠣᠷᠣᠵᠤ ᠪᠤᠯᠬᠤ ᠦᠭᠡᠢ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠵᠤ ᠪᠤᠯᠬᠤ ᠦᠭᠡᠢ᠃ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠳᠤ ᠡᠷᠬᠡᠪᠰᠢ ︽ᠭᠦᠭᠡᠬᠤᠲᠠ ᠶᠢᠨ ᠺᠣᠳ᠋︾ ᠪᠣᠯᠣᠨ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠦᠷ᠎ᠡ ᠳ᠋ᠦᠩ ᠢ ᠰᠢᠯᠭᠠᠬᠤ ᠬᠡᠷᠡᠭᠲᠡᠢ᠃ ᠭᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠥᠰ ᠢ ᠺᠣᠳ᠋ ᠢᠶᠠᠷ ᠬᠠᠮᠢᠶᠠᠷᠴᠤ  ︽ᠭᠡᠷ ᠠᠴᠠ ᠪᠠᠨ ᠭᠠᠷᠬᠤ ᠦᠭᠡᠢ᠂ ᠭᠡᠷ ᠲᠤᠨᠢ ᠡᠮ ᠭᠦᠷᠭᠡᠭᠦ︾ ᠶᠢᠨ ᠬᠠᠮᠲᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠢ ︽ᠭᠦᠭᠡᠬᠤᠲᠠ ᠶᠢᠨ ᠺᠣᠳ᠋︾ ᠤᠨ ᠳᠤᠭᠢᠶᠠᠨ ᠴᠣᠩᠬᠤ ᠪᠠᠷ ᠰᠢᠯᠲᠠᠭ ᠪᠤᠯᠭᠠᠵᠤ ᠡᠪᠡᠳᠴᠢᠲᠡᠨ ᠤ ᠡᠪᠡᠳᠴᠢᠨ ᠦᠵᠡᠭᠦᠯᠭᠦ ᠶᠢ ᠲᠡᠪᠴᠢᠵᠦ ᠪᠤᠯᠬᠤ ᠦᠭᠡᠢ᠂ ᠭᠡᠪᠡᠴᠦ ᠡᠪᠡᠳᠴᠢᠨ ᠦᠵᠡᠭᠦᠯᠭᠦ ᠦᠶ᠎ᠡ ᠳᠤ ᠪᠥᠭᠡᠮ ᠬᠦᠴᠢᠯ ᠤᠨ ᠪᠠᠶᠢᠴᠠᠭᠠᠯᠲᠠ ᠨᠥᠬᠦᠵᠦ ᠠᠪᠬᠤ ᠠᠵᠢᠯ ᠢ ᠰᠠᠶᠢᠲᠤᠷ ᠬᠢᠬᠦ ᠬᠡᠷᠡᠭᠲᠡᠢ᠃      ᠳᠥᠷᠪᠡ ᠳᠤ᠂ ᠸᠠᠺᠼᠢᠨ ᠤ ᠲᠠᠷᠢᠯᠭ᠎ᠠ ᠬᠢᠬᠦ ᠲᠤᠬᠠᠢ᠃ ︽ᠳᠠᠷᠢᠬᠤ ᠴᠢᠬᠤᠯᠠᠲᠠᠢ ᠶᠢ ᠨᠢ ᠪᠦᠭᠦᠨ ᠢ ᠳᠠᠷᠢᠭᠤᠯᠬᠤ︾ ᠵᠠᠷᠴᠢᠮ ᠢᠶᠠᠷ ᠸᠠᠺᠼᠢᠨ ᠤ ᠲᠠᠷᠢᠯᠭ᠎ᠠ ᠬᠢᠬᠦ ᠠᠵᠢᠯ ᠢ ᠰᠠᠶᠢᠲᠤᠷ ᠬᠢᠵᠦ᠂ 60 ᠨᠠᠰᠤᠲᠠᠢ ᠨᠠᠰᠤᠲᠠᠶᠢᠴᠤᠳ ᠢᠶᠠᠷ ᠭᠤᠣᠯᠳᠠᠯᠭ᠎ᠠ ᠪᠣᠯᠭᠠᠨ᠂ 80 ᠨᠠᠰᠤᠨ ᠠᠴᠠ ᠳᠡᠭᠡᠭᠰᠢᠬᠢ ᠬᠥᠮᠥᠰ ᠤᠨ ᠲᠠᠷᠢᠯᠭ᠎ᠠ ᠬᠢᠬᠦ ᠨᠣᠷᠮ᠎ᠠ ᠶᠢ ᠲᠦᠷᠭᠡᠳᠬᠡᠨ ᠳᠡᠭᠡᠭᠰᠢᠯᠡᠭᠦᠯᠵᠦ᠂ 60 - 79 ᠨᠠᠰᠤᠨ ᠤ ᠬᠥᠮᠥᠰ ᠤᠨ ᠲᠠᠷᠢᠯᠭ᠎ᠠ ᠬᠢᠬᠦ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃      ᠲᠠᠪᠤ ᠳᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠬᠤᠳᠠᠯᠳᠤᠭ᠎ᠠ ᠶᠢ ᠰᠡᠷᠭᠦᠭᠡᠵᠦ ᠵᠠᠬ᠎ᠠ ᠳᠡᠯᠭᠡᠭᠦᠷ ᠢ ᠰᠡᠷᠭᠦᠭᠡᠬᠦ ᠲᠤᠬᠠᠢ᠃ ᠭᠠᠵᠠᠷ ᠳᠣᠣᠷᠠᠬᠢ ᠲᠡᠮᠦᠷ ᠵᠠᠮ᠂ ᠨᠡᠶᠢᠲᠡ ᠶᠢᠨ ᠮᠠᠰᠢᠨ᠂ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠪ ᠤᠨ ᠶᠣᠰᠣᠭᠠᠷ ᠡᠵᠡᠩᠨᠡᠯᠲᠡ ᠪᠠᠨ ᠡᠬᠢᠯᠡᠭᠦᠯᠪᠡ᠃ ᠢᠳᠡᠭᠡᠨ ᠤᠮᠳᠠᠭᠠᠨ ᠭᠠᠳᠠᠭᠰᠢ ᠭᠦᠷᠭᠡᠭᠦ᠂ ᠲᠣᠮᠣ ᠭᠡᠯᠪᠡᠷᠢ ᠶᠢᠨ ᠭᠡᠲᠦ ᠳᠡᠯᠭᠡᠭᠦᠷ᠂ ᠪᠦᠷᠢᠨ ᠪᠠᠷᠠᠭᠠᠲᠤ ᠳᠡᠯᠭᠡᠭᠦᠷ᠂ ᠪᠠᠩᠬᠢ᠂ ᠴᠠᠭᠢᠯᠭᠠᠨ ᠬᠤᠯᠪᠤᠭ᠎ᠠ᠂ ᠨᠠᠷᠠᠲᠤ ᠲᠥᠷᠥᠯ ᠲᠡᠮᠳᠡᠭᠲᠦ ᠶᠢᠨ ᠲᠤᠰᠬᠠᠢ ᠬᠤᠳᠠᠯᠳᠤᠭ᠎ᠠ᠂ ᠭᠡᠷ ᠠᠬᠤᠢ ᠶᠢᠨ ᠴᠡᠪᠡᠷᠯᠡᠭᠡ᠂ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠵᠡᠷᠭᠡ ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠢ ᠰᠡᠷᠭᠦᠭᠡᠨ᠎ᠡ᠃ ᠳᠤᠮᠳᠠ ᠪᠠᠭ᠎ᠠ ᠵᠢᠵᠢᠭ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠦᠢᠯᠡᠳᠪᠦᠷᠢᠯᠡᠯ ᠡᠵᠡᠩᠨᠡᠯᠲᠡ ᠪᠠᠨ ᠲᠦᠷᠭᠡᠬᠡᠨ ᠰᠡᠷᠭᠦᠭᠡᠬᠦ ᠶᠢ ᠳᠡᠮᠵᠢᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠲᠤᠰᠢᠶᠠᠪᠠᠰᠤ ᠵᠣᠬᠢᠬᠤ ᠵᠢᠷᠭᠤᠭᠠᠨ ᠵᠦᠢᠯ ᠤᠨ ᠵᠠᠰᠠᠭ ᠵᠠᠬᠢᠷᠭᠠᠨ ᠤ ᠴᠢᠨᠠᠷᠲᠠᠢ ᠰᠦᠢᠳᠬᠡᠯ ᠬᠤᠷᠢᠶᠠᠬᠤ ᠲᠥᠷᠥᠯ ᠵᠦᠢᠯ ᠢ ᠨᠢᠭᠡ ᠤᠯᠠᠷᠢᠯ ᠬᠤᠶᠢᠰᠢᠯᠠᠭᠤᠯᠤᠨ ᠲᠤᠰᠢᠶᠠᠨ᠎ᠠ᠃ ᠤᠰᠤᠨ ᠤ ᠰᠦᠢᠳᠬᠡᠯ᠂ ᠰᠢᠲᠠᠮᠠᠬᠠᠢ ᠬᠡᠢ ᠶᠢᠨ ᠰᠦᠢᠳᠬᠡᠯ᠂ ᠢᠯᠴᠢ ᠬᠠᠩᠭᠠᠬᠤ ᠰᠦᠢᠳᠬᠡᠯ ᠢ ᠬᠤᠭᠤᠴᠠᠭ᠎ᠠ ᠶᠣᠰᠣᠭᠠᠷ ᠲᠤᠰᠢᠶᠠᠵᠤ ᠳᠡᠶᠢᠯᠭᠦ ᠦᠭᠡᠢ ᠪᠣᠯ ᠰᠦᠢᠳᠬᠡᠯ ᠢᠶᠠᠨ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ ᠪᠣᠯᠣᠨ᠎ᠠ᠂ ᠡᠨᠡᠬᠦ ᠬᠤᠭᠤᠴᠠᠭᠠᠨ ᠳᠤ ᠬᠠᠩᠭᠠᠯᠭ᠎ᠠ ᠶᠢ ᠲᠠᠰᠤᠯᠳᠠᠭᠤᠯᠬᠤ ᠦᠭᠡᠢ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠬᠤᠭᠤᠴᠠᠭ᠎ᠠ ᠶᠣᠰᠣᠭᠠᠷ ᠭᠠᠶᠢᠯᠢ ᠲᠤᠰᠢᠶᠠᠬᠤ ᠭᠤᠶᠤᠴᠢᠯᠠᠯ ᠬᠢᠵᠦ ᠳᠡᠶᠢᠯᠭᠦ ᠦᠭᠡᠢ ᠪᠤᠶᠤ ᠣᠨᠴᠠᠭᠠᠶ ᠬᠦᠴᠢᠷᠳᠡᠯ ᠲᠠᠢ ᠪᠣᠯ ᠭᠠᠶᠢᠯᠢ ᠶᠢᠨ ᠵᠣᠭᠤᠰ ᠢ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠬᠤ ᠪᠤᠶᠤ ᠬᠤᠶᠢᠰᠢᠯᠠᠭᠤᠯᠤᠨ ᠲᠤᠰᠢᠶᠠᠵᠤ ᠪᠣᠯᠣᠨ᠎ᠠ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠬᠠᠪᠰᠤᠷᠤᠨ ᠲᠡᠳᠭᠦᠭᠦ ᠪᠠᠲᠤᠯᠠᠭ᠎ᠠ ᠵᠡᠷᠭᠡ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠬᠢᠴᠠ ᠪᠠᠨ ᠲᠦᠷᠭᠡᠳᠬᠡᠬᠦ ᠳᠤ ᠬᠦᠴᠦᠨ ᠨᠡᠮᠡᠷᠢᠯᠡᠨ᠎ᠡ᠃      ᠵᠢᠷᠭᠤᠭ᠎ᠠ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠤᠬᠠᠢ᠃ ᠠᠮᠢᠳᠤᠷᠠᠯ ᠤᠨ ᠡᠳ᠋ ᠪᠣᠳᠠᠰ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠵᠤ᠂ ᠡᠳ᠋ ᠪᠣᠳᠠᠰ ᠤᠨ ᠨᠥᠭᠡᠴᠡ ᠭᠦᠢᠴᠡᠳ ᠪᠠᠶᠢᠬᠤ ᠶᠢ ᠦᠨᠡᠨ ᠬᠦ ᠪᠠᠲᠤᠯᠠᠵᠤ᠂ ᠤᠯᠠᠨ ᠲᠦᠮᠡᠨ ᠤ ᠬᠡᠪ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠠᠪᠴᠤ ᠪᠠᠶᠢᠭ᠎ᠠ ᠬᠥᠮᠥᠰ᠂ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠠᠭᠴᠠᠭᠠᠷ ᠰᠠᠭᠤᠵᠤ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠵᠡᠷᠭᠡ ᠣᠨᠴᠠᠭᠠᠶ ᠬᠥᠮᠥᠰ ᠢ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠦᠬᠦᠢ ᠬᠥᠮᠥᠰ ᠲᠤ ᠨᠢᠭᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠣᠯᠭᠤᠨ᠎ᠠ᠃ ᠲᠦᠷ ᠴᠠᠭ ᠤᠨ ᠬᠦᠴᠢᠷᠳᠡᠯ ᠠᠴᠠ ᠪᠣᠯᠵᠤ ᠠᠵᠢᠯ ᠤᠨ ᠪᠠᠶᠢᠷᠢ ᠳᠠᠭᠠᠨ ᠪᠤᠴᠠᠵᠤ ᠠᠵᠢᠯ ᠢᠶᠠᠨ ᠰᠡᠷᠭᠦᠭᠡᠬᠦ ᠶᠢᠨ ᠠᠷᠭ᠎ᠠ ᠦᠭᠡᠢ᠂ ᠦᠷᠭᠦᠯᠵᠢᠯᠡᠨ ᠭᠤᠷᠪᠠᠨ ᠰᠠᠷ᠎ᠠ ᠣᠷᠣᠯᠭ᠎ᠠ ᠶᠢᠨ ᠢᠷᠡᠯᠲᠡ ᠦᠭᠡᠢ ᠪᠥᠭᠡᠳ ᠠᠵᠢᠯ ᠠᠯᠳᠠᠯᠲᠠ ᠶᠢᠨ ᠳᠠᠭᠠᠳᠬᠠᠯ ᠢᠶᠠᠷ ᠬᠠᠮᠤᠷᠬᠤ ᠶᠢᠨ ᠠᠷᠭ᠎ᠠ ᠦᠭᠡᠢ ᠬᠥᠯᠥᠰᠦᠨ ᠠᠵᠢᠯᠴᠢᠳ ᠵᠡᠷᠭᠡ ᠳᠠᠭᠠᠳᠬᠠᠯ ᠳᠤ ᠣᠷᠣᠯᠴᠠᠭᠠᠳᠤᠢ ᠠᠵᠢᠯ ᠠᠯᠳᠠᠭᠰᠠᠳ ᠲᠤ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ ᠪᠠ ᠠᠮᠢᠳᠤᠷᠠᠯ ᠤᠨ ᠡᠳ᠋ ᠪᠣᠳᠠᠰ ᠢ ᠴᠠᠭ ᠲᠤᠬᠠᠢ ᠳᠤᠨᠢ ᠣᠯᠭᠤᠵᠤ᠂ ᠲᠡᠳᠡᠨ ᠤ ᠦᠨᠳᠦᠰᠦᠨ ᠠᠮᠢᠳᠤᠷᠠᠯ ᠢ ᠪᠠᠲᠤᠯᠠᠬᠤ ᠬᠡᠷᠡᠭᠲᠡᠢ᠃      ᠪᠢᠳᠡ ︽ᠬᠢᠵᠢᠭ ᠤᠨ ᠪᠠᠶᠢᠳᠠᠯ ᠢ ᠰᠡᠷᠭᠡᠶᠢᠯᠡᠵᠦ᠂ ᠠᠵᠤ ᠠᠬᠤᠢ ᠶᠢ ᠲᠣᠭᠲᠠᠪᠤᠷᠢᠵᠢᠭᠤᠯᠵᠤ᠂ ᠠᠮᠤᠷ ᠲᠦᠪᠰᠢᠨ ᠬᠥᠭᠵᠢᠭᠦᠯᠬᠦ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠨ᠎ᠡ᠃ ᠬᠤᠲᠠ ᠶᠢᠨ ᠠᠷᠠᠳ ᠲᠤ ᠰᠠᠨᠠᠭᠤᠯᠬᠤ ᠨᠢ᠂ ᠡᠨᠡ ᠬᠡᠳᠦᠨ ᠡᠳᠦᠷ ᠬᠦᠢᠲᠡᠨ ᠤᠷᠤᠰᠬᠠᠯ ᠢᠷᠡᠵᠦ ᠪᠠᠶᠢᠨ᠎ᠠ᠂ ᠣᠯᠠᠨ ᠢᠶᠠᠷ ᠢᠶᠠᠨ ᠬᠦᠢᠲᠡᠨ ᠢ ᠰᠡᠷᠭᠡᠶᠢᠯᠡᠵᠦ ᠪᠠᠬᠢᠯᠡᠵᠦ ᠳᠤᠯᠠᠭᠠᠯᠠᠬᠤ ᠪᠠᠨ ᠠᠩᠬᠠᠷᠴᠤ᠂ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠭᠡᠷᠡᠢ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ