ᠬᠤᠲᠠ ᠶᠢᠨ ᠵᠠᠰᠠᠭ ᠤᠨ ᠣᠷᠳᠣᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠬᠤ ᠨᠣᠣᠷᠠᠭ︶︾ ᠤᠨ ᠰᠠᠨᠠᠯ ᠬᠤᠷᠢᠶᠠᠬᠤ ᠰᠠᠭᠤᠳᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/20
     ︵ᠰᠤᠷᠪᠤᠯᠵᠢᠯᠠᠭᠴᠢ ᠠᠷᠢᠭᠤᠨ᠎ᠠ︶ 12 ᠳ᠋ᠤᠭᠠᠷ ᠰᠠᠷ᠎ᠠ ᠶᠢᠨ 19 ᠤ ᠡᠳᠦᠷ᠂ ᠬᠤᠲᠠ ᠶᠢᠨ ᠵᠠᠰᠠᠭ ᠤᠨ ᠣᠷᠳᠣᠨ ᠬᠤᠶᠠᠷ ᠬᠦᠷᠢᠶ᠎ᠡ ᠴᠠᠷᠠᠭ᠎ᠠ ᠶᠢᠨ ᠰᠠᠭᠤᠳᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢ᠂ ᠦᠨᠳᠦᠰᠦᠨ ᠱᠠᠲᠤᠨ ᠤ ᠲᠥᠯᠥᠭᠡᠯᠡᠭᠴᠢ ᠪᠠ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠯᠥᠭᠡᠯᠡᠭᠴᠢ ᠶᠢᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠬᠤ ᠨᠣᠣᠷᠠᠭ︶︾ ᠤᠨ ᠲᠤᠬᠠᠢ ᠰᠠᠨᠠᠯ ᠰᠠᠨᠠᠭᠤᠯᠭ᠎ᠠ ᠶᠢ ᠲᠣᠰ ᠲᠣᠰ ᠰᠣᠨᠣᠰᠪᠠ᠃     ᠰᠠᠭᠤᠳᠠᠯ ᠤᠨ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠲᠣᠰ ᠲᠣᠰ ᠡᠷᠭᠢᠯᠡᠪᠡ᠃     ᠰᠠᠭᠤᠳᠠᠯ ᠤᠨ ᠬᠤᠷᠠᠯ ᠳᠡᠭᠡᠷ᠎ᠡ᠂ ᠢᠯᠡᠳᠬᠡᠯ ᠢ ᠲᠤᠭᠤᠷᠪᠢᠬᠤ ᠳᠤᠭᠤᠶᠢᠯᠠᠩ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠬᠤ ᠨᠣᠣᠷᠠᠭ︶︾ ᠢ ᠲᠤᠭᠤᠷᠪᠢᠬᠤ ᠪᠣᠷᠣ ᠲᠥᠯᠥᠪ ᠪᠠ ᠭᠤᠣᠯ ᠠᠭᠤᠯᠭ᠎ᠠ ᠶᠢᠨ ᠲᠤᠬᠠᠢ ᠨᠠᠷᠢᠨ ᠲᠣᠳᠣᠷᠬᠠᠶᠢᠯᠠᠯᠲᠠ ᠬᠢᠵᠦ᠂ ᠡᠯ᠎ᠡ ᠬᠦᠷᠢᠶᠡᠨ ᠤ ᠲᠥᠯᠥᠭᠡᠯᠡᠭᠴᠢᠳ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠪᠠᠷ ᠭᠤᠣᠯᠯᠠᠭᠤᠯᠤᠨ ᠮᠠᠰᠢ ᠤᠯᠠᠨ ᠦᠨ᠎ᠡ ᠦᠷᠳᠡᠭ ᠲᠠᠢ ᠰᠠᠨᠠᠯ ᠪᠠ ᠰᠠᠨᠠᠭᠤᠯᠭ᠎ᠠ ᠳᠤᠷᠠᠳᠴᠠᠢ᠃     ᠬᠤᠷᠠᠯ ᠠᠴᠠ᠂ ᠢᠯᠡᠳᠬᠡᠯ ᠢ ᠲᠣᠭᠤᠷᠪᠢᠬᠤ ᠳᠤᠭᠤᠶᠢᠯᠠᠩ ᠤᠨ ᠬᠢᠨ ᠨᠠᠷᠢᠨ ᠬᠢᠨᠠᠮᠠᠭᠠᠢ ᠡᠮᠬᠢᠳᠬᠡᠨ ᠬᠤᠷᠢᠶᠠᠩᠭᠤᠶᠢᠯᠠᠵᠤ᠂ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠬᠡᠨ ᠠᠪᠴᠤ᠂ ᠢᠯᠡᠳᠬᠡᠯ ᠢ ᠬᠥᠬᠡᠬᠤᠲᠠ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠡᠩ ᠰᠠᠶᠢᠨ ᠨᠡᠶᠢᠴᠡᠭᠦᠯᠵᠦ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠨᠡᠩ ᠰᠠᠶᠢᠨ ᠨᠡᠶᠢᠴᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ