ᠮᠠᠨ ᠤ ᠬᠤᠲᠠ ᠠᠵᠤ ᠠᠬᠤᠶᠢᠯᠠᠯᠲᠠᠳ ᠤᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/12/20
ᠪᠣᠣ ᠭᠠᠩ ᠡᠷᠬᠢᠯᠡᠵᠦ ᠾᠧ ᠬᠠᠢ ᠳ᠋ᠦᠩ ᠣᠷᠣᠯᠴᠠᠵᠠᠢ     ︵ᠰᠤᠷᠪᠤᠯᠵᠢᠯᠠᠭᠴᠢ ᠶᠦᠨ ᠵᠢᠩ︶ 12 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠠᠵᠤ ᠠᠬᠤᠶᠢᠯᠠᠯᠲᠠᠳ ᠤᠨ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠵᠦ᠂ ᠬᠠᠮᠲᠤᠪᠠᠷ ᠢᠷᠡᠬᠦ ᠵᠢᠯ ᠤᠨ ᠠᠵᠤ ᠠᠬᠤᠢ ᠶᠢᠨ ᠬᠥᠭᠵᠢᠯᠲᠡ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠥᠪᠳᠡᠪᠡ᠃     ᠬᠤᠷᠠᠯ ᠳᠡᠭᠡᠷ᠎ᠡ ᠡᠨᠧᠷᠭᠢ᠂ ᠮᠥᠩᠭᠦᠨ ᠭᠦᠢᠯᠭᠡᠭᠡ᠂ ᠲᠣᠮᠣ ᠳ᠋ᠠᠶᠢᠲ᠋ᠠ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠨᠠᠶᠢᠷᠠᠯᠭ᠎ᠠ᠂ ᠣᠳᠣᠬᠢᠴᠢᠯᠠᠭᠰᠠᠨ ᠠᠵᠤ ᠦᠢᠯᠡᠳᠪᠦᠷᠢ ᠂ ᠰᠦ ᠶᠢᠨ ᠠᠵᠤ ᠦᠢᠯᠡᠰ᠂ ᠡᠪᠡᠰᠦᠨ ᠦᠷ᠎ᠡ ᠶᠢᠨ ᠦᠢᠯᠡᠰ ᠪᠣᠯᠣᠨ ᠪᠡᠯᠡᠳᠬᠡᠮᠵᠢᠲᠦ ᠲᠠᠷᠢᠶᠠᠯᠠᠩ ᠵᠡᠷᠭᠡ ᠬᠦᠷᠢᠶᠡᠨ ᠤ 30 ᠭᠠᠷᠤᠢ ᠠᠵᠤ ᠠᠬᠤᠶᠢᠯᠠᠯᠲᠠᠨ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠬᠦᠴᠢᠷᠳᠡᠯ ᠢᠶᠠᠨ ᠰᠢᠭᠤᠳ ᠶᠠᠷᠢᠵᠤ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠦᠨᠡᠨ ᠰᠡᠳᠬᠢᠯ ᠠᠴᠠ ᠪᠠᠨ ᠰᠠᠨᠠᠯ ᠰᠠᠨᠠᠭᠤᠯᠭ᠎ᠠ ᠳᠤᠷᠠᠳᠴᠠᠢ᠃     ᠣᠯᠠᠨ ᠤ ᠶᠠᠷᠢᠶ᠎ᠠ ᠶᠢ ᠰᠣᠨᠣᠰᠤᠭᠰᠠᠨ ᠤ ᠲᠠᠷᠠᠭ᠎ᠠ᠂ ᠪᠣᠣ ᠭᠠᠩ ᠠᠵᠤ ᠠᠬᠤᠶᠢᠯᠠᠯᠲᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠴᠡᠢ᠃ ᠲᠡᠷᠡ ᠬᠡᠯᠡᠬᠦ ᠳᠡᠭᠡᠨ᠂ ᠡᠨᠡ ᠵᠢᠯ ︽ᠬᠡᠷᠡᠭᠴᠡᠭᠡ ᠪᠠᠭᠠᠰᠴᠤ᠂ ᠬᠠᠩᠭᠠᠯᠭ᠎ᠠ ᠳᠠᠭᠠᠷᠢᠯᠲᠠ ᠳᠤ ᠤᠴᠠᠷᠠᠵᠤ᠂ ᠵᠢᠱᠢᠯᠲᠡ ᠪᠠᠭᠤᠷᠠᠭᠰᠠᠨ︾ ᠭᠤᠷᠪᠠᠨ ᠳᠠᠪᠬᠤᠷ ᠳᠠᠷᠤᠯᠲᠠ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠳᠠᠭᠠᠷᠢᠯᠲᠠ ᠳᠤ ᠲᠤᠯᠭᠠᠷᠠᠨ᠂ ᠠᠵᠤ ᠠᠬᠤᠶᠢᠯᠠᠯ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠶᠡᠭᠡ ᠲᠠᠯ᠎ᠠ ᠶᠢ ᠬᠠᠷᠠᠭᠠᠯᠵᠠᠨ᠂ ᠦᠢᠯᠡᠳᠪᠦᠷᠢᠯᠡᠯ ᠡᠵᠡᠩᠨᠡᠯᠲᠡ ᠪᠠᠨ ᠲᠠᠰᠤᠷᠠᠭᠤᠯᠤᠭᠰᠠᠨ ᠦᠭᠡᠢ ᠦᠷᠭᠦᠯᠵᠢᠯᠡᠭᠦᠯᠵᠦ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠣᠳᠣᠬᠠᠨ ᠳᠤ᠂ ᠤᠯᠤᠰ ᠠᠴᠠ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠵᠠᠬ᠎ᠠ ᠳᠡᠯᠭᠡᠭᠦᠷ ᠤᠨ ᠢᠲᠡᠭᠡᠯ ᠢ ᠬᠥᠭᠵᠢᠭᠡᠬᠦ ᠡᠯ᠎ᠡ ᠵᠦᠢᠯ ᠤᠨ ᠠᠰᠢᠭᠲᠠᠢ ᠲᠦᠷᠦ ᠶᠢᠨ ᠪᠣᠳᠣᠯᠭ᠎ᠠ ᠶᠢ ᠲᠠᠰᠤᠷᠠᠯᠲᠠ ᠦᠭᠡᠢ ᠬᠡᠷᠡᠭᠵᠢᠭᠦᠯᠵᠦ ᠪᠠᠶᠢᠨ᠎ᠠ᠂ ᠥᠷᠭᠡᠨ ᠤᠯᠠᠨ ᠠᠵᠤ ᠠᠬᠤᠶᠢᠯᠠᠯᠲᠠᠳ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠨ᠂ ᠠᠵᠤ ᠦᠢᠯᠡᠰ ᠢᠶᠠᠨ ᠪᠠᠲᠤ ᠰᠠᠬᠢᠵᠤ᠂ ᠭᠤᠣᠯ ᠠᠵᠢᠯ ᠢᠶᠠᠨ ᠬᠦᠴᠦᠷᠬᠡᠭᠵᠢᠭᠦᠯᠵᠦ᠂ ᠰᠢᠨ᠎ᠡ ᠶᠢ ᠡᠭᠦᠳᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠭᠤᠣᠯᠯᠠᠭᠴᠢ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠰᠠᠶᠢᠲᠤᠷ ᠵᠣᠬᠢᠶᠠᠨ ᠪᠠᠶᠢᠭᠤᠯᠵᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠬᠢᠴᠠ ᠪᠠᠨ ᠲᠦᠷᠭᠡᠳᠬᠡᠬᠦ ᠬᠡᠷᠡᠭᠲᠡᠢ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠪᠣᠯᠣᠨ ᠳᠡᠮᠵᠢᠬᠦ ᠴᠢᠭᠯᠡᠯ ᠢ ᠰᠠᠶᠢᠨ ᠠᠩᠬᠠᠷᠴᠤ᠂ ᠢᠳᠡᠪᠬᠢᠲᠡᠢ ᠪᠠᠷ ᠠᠷᠭ᠎ᠠ ᠰᠦᠪᠡᠭᠴᠢᠯᠡᠨ᠂ ᠰᠢᠨ᠎ᠡ ᠪᠡᠯᠡ ᠣᠷᠣᠭᠤᠯᠤᠯᠲᠠ ᠪᠣᠯᠣᠨ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠨ ᠠᠬᠢᠭᠤᠯᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ᠂ ᠰᠠᠯᠠᠭ᠎ᠠ ᠮᠥᠴᠢᠷ ᠤᠳ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠬᠦᠴᠢᠷᠳᠡᠯ ᠢ ᠦᠨᠡᠨ ᠬᠦ ᠰᠢᠢᠳᠪᠦᠷᠢᠯᠡᠵᠦ ᠥᠭᠬᠦ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢ ᠴᠠᠭ ᠢᠮᠠᠭᠲᠠ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ ᠡᠵᠡᠩᠨᠡᠯᠲᠡ ᠶᠢᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠠᠵᠤ ᠠᠬᠤᠶᠢᠯᠠᠯ ᠳᠤᠳᠣᠲᠣᠨᠣ ᠬᠠᠨᠳᠤᠵᠤ ᠰᠠᠨᠠᠭ᠎ᠠ ᠠᠮᠤᠷ ᠪᠠᠶᠢᠯᠭᠠᠵᠤ ᠬᠠᠷᠠᠭᠠᠯᠵᠠᠯ ᠦᠵᠡᠭᠦᠯᠵᠦ᠂ ᠥᠷᠭᠡᠨ ᠣᠯᠠᠨ ᠠᠵᠤ ᠠᠬᠤᠶᠢᠯᠠᠯᠲᠠᠨ ᠤ ᠣᠷᠣᠨ ᠤ ᠲᠥᠪ ᠬᠤᠲᠠ ᠳᠤ ᠪᠡᠯᠡ ᠣᠷᠣᠭᠤᠯᠤᠨ ᠠᠵᠤ ᠦᠢᠯᠡᠰ ᠢᠶᠠᠨ ᠬᠥᠭᠵᠢᠭᠦᠯᠬᠦ ᠶᠢ ᠬᠠᠮᠠᠭᠠᠯᠠᠨ᠎ᠠ ᠭᠡᠵᠡᠢ᠃     ᠬᠤᠲᠠ ᠶᠢᠨ ᠤᠳᠤᠷᠢᠳᠤᠯᠭ᠎ᠠ ᠾᠧ ᠬᠠᠢ ᠳ᠋ᠦᠩ᠂ ᠼᠤᠤ ᠰᠧ ᠶᠠᠩ᠂ ᠯᠢᠦ ᠴᠧᠩ ᠮᠢᠨ᠂ ᠸᠧᠢ ᠬᠤᠩ ᠵᠢᠶᠦ᠋ᠨ᠂ ᠯᠢᠦ ᠵᠢᠢ ᠶᠢᠩ᠂ ᠯᠢ ᠰᠢᠶᠣᠣ ᠶᠠᠨ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ