ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠨ ᠲᠠᠢ 1.5 ᠲᠦᠮᠡᠨ ᠶᠠᠳᠠᠭᠤ ᠬᠦᠴᠢᠷᠳᠡᠯᠲᠡᠢ ᠭᠡᠷ ᠪᠦᠯᠢ ︽ᠡᠷᠡᠭᠦᠯ ᠮᠡᠨᠳᠦ ᠶᠢᠨ ᠪᠡᠯᠡᠭ︾ ᠲᠣᠰᠪᠠ | ︵ᠰᠤᠷᠪᠤᠯᠵᠢᠯᠠᠭᠴᠢ ᠯᠢᠶᠠᠩ ᠵᠢᠩ ᠱᠤ᠋ ᠿᠦᠸᠧ ᠭᠦ᠋︶ 12 ᠳ᠋ᠤᠭᠠᠷ ᠰᠠᠷ᠎ᠠ ᠶᠢᠨ 17 ᠤ ᠡᠳᠦᠷ᠂ ᠬᠥᠬᠡᠬᠤᠲᠠ ᠶᠢᠨ ︽ᠬᠠᠶᠢᠷ᠎ᠠ ᠪᠠᠷ ᠳᠤᠯᠠᠭᠠᠯᠠᠬᠤ | ᠬᠥᠬᠡ ᠬᠤᠲᠠ ︱ ᠡᠷᠡᠭᠦᠯ ᠮᠡᠨᠳᠤ ᠶᠢ ᠠᠶᠢᠯ ᠪᠦᠬᠦᠨ ᠳᠤ ᠬᠦᠷᠭᠡᠬᠦ ︾ ᠠᠵᠢᠯᠯᠠᠭ᠎ᠠ ᠶᠢᠨ ᠡᠬᠢᠯᠡᠬᠦ ᠶᠣᠰᠣᠯᠠᠯ ᠬᠤᠲᠠ ᠶᠢᠨ ᠤᠯᠠᠭᠠᠨ ᠵᠠᠭᠠᠯᠮᠠᠶᠢᠳᠠᠨ ᠤ | ᠨᠡᠶᠢᠭᠡᠮᠯᠢᠭ ᠲᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠨᠢ ᠪᠥᠬᠦ ᠬᠤᠲᠠ ᠶᠢᠨ ᠭᠡᠷ ᠲᠡᠭᠡᠨ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠨ ᠲᠠᠢ | 1.5 ᠲᠦᠮᠡᠨ ᠶᠠᠳᠠᠭᠤ ᠬᠦᠴᠢᠷᠳᠡᠯᠲᠡᠢ ᠭᠡᠷ ᠪᠦᠯᠢ ᠳᠤ ᠬᠤᠶᠠᠷ ᠪᠦᠯᠦᠭ ᠬᠤᠪᠢᠶᠠᠨ ︽ᠡᠷᠡᠭᠦᠯ ᠮᠡᠨᠳᠦ ᠶᠢᠨ ᠪᠡᠯᠡᠭ︾ ︵N95 ᠠᠮᠠᠪᠴᠢ᠂ | ᠭᠠᠷ ᠠᠷᠢᠭᠤᠳᠬᠠᠯ ᠵᠢᠴᠢ ᠬᠠᠯᠠᠭᠤᠨ ᠢ ᠪᠠᠭᠤᠷᠠᠭᠤᠯᠬᠤ᠂ ᠬᠢᠮᠤᠷᠠᠭ᠎ᠠ᠂ ᠬᠠᠯᠠᠭᠤᠨ ᠢ ᠳᠠᠷᠤᠵᠤ ᠬᠤᠣᠷ ᠲᠠᠶᠢᠯᠬᠤ ᠵᠡᠷᠭᠡ ᠪᠠᠶᠢᠩᠭᠤ ᠬᠡᠷᠡᠭᠯᠡᠬᠦ ᠡᠮ ᠪᠠᠭᠲᠠᠪᠠ︶ | ᠲᠦᠭᠡᠭᠡᠵᠦ᠂ ᠡᠷᠡᠭᠦᠯ ᠮᠡᠨᠳᠦ ᠶᠢᠨ ᠬᠠᠮᠠᠭᠠᠯᠠᠯᠲᠠ ᠶᠢ ᠰᠠᠶᠢᠲᠤᠷ ᠬᠢᠬᠦ ᠳᠤ ᠲᠤᠰᠠ ᠪᠣᠯᠭᠠᠵᠠᠢ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠬᠤ ᠡᠲᠡᠭᠡᠳ ᠢ ᠡᠯ᠎ᠡ ᠬᠤᠰᠢᠭᠤ ᠰᠢᠶᠠᠨ ᠲᠣᠭᠤᠷᠢᠭ ᠠᠴᠠ ᠣᠨᠴᠠᠭᠠᠶ | ᠬᠦᠴᠢᠷᠳᠡᠯ ᠲᠠᠢ ᠭᠡᠷ ᠪᠦᠯᠢ ᠶᠢ ᠠᠪᠤᠷᠠᠨ ᠲᠤᠰᠠᠯᠠᠬᠤ ᠶᠠᠪᠤᠴᠠ ᠶᠢ ᠴᠢᠩᠭ᠎ᠠ ᠵᠢᠷᠤᠮᠯᠠᠨ ᠰᠢᠯᠢᠨ ᠰᠣᠩᠭᠤᠵᠤ᠂ ᠬᠢᠨᠠᠨ ᠬᠠᠷᠭᠤᠭᠤᠯᠵᠤ᠂ ᠨᠢᠭᠡ ᠠᠶᠢᠯ ᠳᠤ ᠨᠢᠭᠡ | ᠲᠠᠩᠰᠠ ᠬᠢᠵᠦ᠂ ᠲᠦᠷᠭᠡᠨ ᠲᠠᠷᠬᠠᠭᠠᠵᠤ᠂ ︽ᠡᠷᠡᠭᠦᠯ ᠮᠡᠨᠳᠦ ᠶᠢᠨ ᠬᠠᠯᠠᠮᠵᠢ ᠶᠢᠨ ᠪᠡᠯᠡᠭ︾ ᠢ ᠬᠠᠮᠤᠭ ᠤᠨ ᠠᠮᠠᠷᠬᠠᠨ ᠨᠥᠯᠥᠭᠡᠯᠡᠭᠳᠡᠬᠦ ᠬᠦᠴᠢᠷᠳᠡᠯ ᠲᠠᠢ ᠣᠯᠠᠨ | ᠲᠦᠮᠡᠨ ᠤ ᠭᠠᠷ ᠲᠤ ᠦᠨᠡᠨ ᠬᠦ ᠬᠦᠷᠭᠡᠵᠦ᠂ ᠬᠠᠬᠢᠷ ᠡᠪᠦᠯ ᠳᠤ ᠰᠡᠳᠬᠢᠯ ᠢ ᠨᠢ ᠳᠤᠯᠠᠭᠠᠴᠠᠭᠤᠯᠤᠨ᠂ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠨ ᠬᠢᠬᠦ ᠳᠤ | ᠬᠠᠶᠢᠷ᠎ᠠ ᠬᠠᠯᠠᠮᠵᠢ ᠬᠦᠷᠲᠡᠭᠡᠵᠡᠢ᠃ |