ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/21
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠠᠷᠢᠭᠤᠨ᠎ᠠ︶ 12 ᠳ᠋ᠤᠭᠠᠷ ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠶᠠᠷᠢᠯᠴᠠᠬᠤ ᠨᠣᠣᠷᠠᠭ︶︾ ︽ᠬᠥᠬᠡᠬᠤᠲᠠ ᠶᠢᠨ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ ︵ᠬᠢᠨᠠᠨ ᠵᠥᠪᠯᠡᠬᠦ ᠨᠣᠣᠷᠠᠭ︶︾ ︽ᠬᠥᠬᠡᠬᠤᠲᠠ ᠶᠢᠨ 2022 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2023 ᠣᠨ ᠤ ᠲᠥᠰᠥᠪ ︵ᠲᠥᠰᠥᠯ︶ ᠤᠨ ᠮᠡᠳᠡᠭᠦᠯᠦᠯᠲᠡ︾ ︽ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︽2023 ᠣᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠂ 2023 ᠣᠨ ᠤ ᠬᠤᠰᠢᠭᠤ ᠰᠢᠶᠠᠨ ᠲᠣᠭᠤᠷᠢᠭ ᠪᠠ ᠨᠡᠭᠡᠭᠡᠯᠲᠡ ᠶᠢᠨ ᠲᠣᠭᠤᠷᠢᠭ ᠤᠨ ᠬᠠᠷᠢᠭᠤᠴᠠᠯᠭ᠎ᠠ ᠶᠢᠨ ᠬᠠᠷᠠᠯᠲᠠ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢᠨ ᠬᠠᠷᠢᠭᠤ ᠮᠡᠳᠡᠭᠦᠯᠦᠯᠲᠡ᠂ ᠬᠥᠬᠡᠬᠤᠲᠠ ᠶᠢᠨ 2023 ᠣᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠶᠠᠪᠤᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠣᠯ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠡᠷᠡᠭᠵᠢᠭᠦᠯᠦᠯᠲᠡ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠲᠦᠯᠬᠢᠨ ᠠᠬᠢᠭᠤᠯᠬᠤ ︽ᠵᠠᠮ ᠱᠤᠭᠤᠮ ᠤᠨ ᠵᠢᠷᠤᠭ︾ ︽ᠳᠠᠶᠢᠨ ᠤ ᠵᠢᠷᠤᠭ︾ ᠪᠣᠯᠣᠨ᠎ᠠ᠃ ᠲᠤᠭᠤᠷᠪᠢᠨ ᠪᠢᠴᠢᠬᠦ ᠳᠤᠭᠤᠶᠢᠯᠠᠩ ᠤᠨ  ᠬᠢᠨ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠴᠤ᠂ ᠢᠯᠡᠳᠬᠡᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠣᠶᠢᠯᠠᠭᠠᠨ᠂ ᠪᠠᠷᠢᠮᠵᠢᠶ᠎ᠠ ᠳᠤ ᠬᠠᠷᠭᠤᠭᠤᠯᠤᠨ ᠪᠠᠶᠢᠷᠢᠰᠢᠯ ᠢ ᠲᠣᠭᠲᠠᠭᠠᠵᠤ᠂ ᠬᠠᠷᠠᠯᠲᠠ ᠪᠠᠨ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠢᠯᠡᠳᠬᠡᠯ ᠤᠨ ᠠᠭᠤᠯᠭ᠎ᠠ ᠨᠢ ᠨᠡᠩ ᠪᠦᠷᠢᠨ ᠲᠡᠭᠦᠯᠳᠡᠷ᠂ ᠢᠯᠡᠳᠬᠡᠭᠰᠡᠨ ᠨᠢ ᠨᠡᠩ ᠣᠨᠣᠪᠴᠢᠲᠠᠢ᠂ ᠲᠤᠭ᠎ᠠ ᠪᠠᠷᠢᠮᠲᠠ ᠨᠢ ᠨᠡᠩ ᠣᠨᠣᠪᠴᠢᠲᠠᠢ᠂ ᠨᠡᠩ ᠰᠢᠰᠲ᠋ᠧᠮᠲᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠬᠤ ᠶᠢ ᠪᠠᠲᠤᠯᠠᠵᠤ᠂ ᠵᠠᠰᠠᠭ ᠤᠨ ᠣᠷᠳᠣᠨ ᠤ ᠠᠵᠢᠯ ᠢ ᠮᠠᠨ ᠤ ᠬᠤᠲᠠ ᠶᠢᠨ ᠪᠣᠳᠠᠲᠤ ᠪᠠᠶᠢᠳᠠᠯ ᠳᠤ ᠨᠡᠩ ᠨᠡᠶᠢᠴᠡᠭᠦᠯᠵᠦ᠂ ᠬᠥᠭᠵᠢᠯᠲᠡ ᠶᠢᠨ ᠱᠠᠭᠠᠷᠳᠠᠯᠭ᠎ᠠ ᠶᠢ ᠢᠯᠡᠳᠬᠡᠵᠦ᠂ ᠣᠯᠠᠨ ᠲᠦᠮᠡᠨ ᠤ ᠬᠦᠰᠡᠯ ᠡᠷᠡᠮᠡᠯᠵᠡᠯ ᠢ ᠳᠠᠭᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠳᠠ ᠪᠠᠷ ᠢᠶᠠᠨ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠢ ᠡᠵᠡᠮᠳᠡᠵᠦ᠂ ᠬᠤᠶᠢᠰᠢᠳᠠ ᠶᠢᠨ ᠬᠢᠵᠢᠭ ᠤᠨ ᠪᠠᠶᠢᠳᠠᠯ ᠤᠨ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠠᠵᠠ ᠲᠣᠬᠢᠶᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠵᠦᠢᠯ ᠤᠨ ᠪᠡᠯᠡ ᠣᠷᠣᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠬᠤ ᠵᠡᠷᠭᠡ ᠠᠵᠢᠯ ᠢ ᠬᠦᠴᠦᠲᠡᠢ ᠰᠠᠶᠢᠨ ᠠᠳᠬᠤᠵᠤ᠂ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ 2023 ᠣᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠴᠢᠨᠠᠷ ᠰᠠᠶᠢᠲᠠᠢ ᠲᠥᠯᠥᠪᠯᠡᠵᠦ᠂ ᠠᠵᠢᠯ ᠤᠨ ᠲᠥᠯᠥᠪᠯᠡᠭᠡ ᠪᠠᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠲᠣᠭᠲᠠᠭᠠᠵᠤ᠂ ᠲᠥᠷᠥᠯ ᠵᠦᠢᠯ ᠤᠨ ᠬᠦᠴᠦᠲᠡᠢ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ