ᠬᠥᠬᠡᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠵᠡᠮᠳᠡᠭᠴᠦᠳ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ ᠪᠤᠢ
ᠨᠡᠶᠢᠲᠡᠯᠡᠭᠰᠡᠨ ᠴᠠᠭ᠄
2022/12/21
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠰᠦᠨ ᠯᠢ ᠶᠢᠩ︶ ᠬᠥᠬᠡᠬᠤᠲᠠ ᠶᠢᠨ ᠵᠡᠮᠳᠡᠭᠴᠦᠳ ᠤᠨ ᠬᠤᠯᠪᠣᠭ᠎ᠠ ᠠᠴᠠ ᠣᠶᠢᠯᠠᠭᠠᠭᠰᠠᠨ ᠢᠶᠠᠷ᠂ ᠬᠦᠬᠡᠬᠤᠲᠠ ᠵᠡᠮᠳᠡᠭᠴᠦᠳ ᠤᠨ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠦᠷᠬᠦᠯᠵᠢᠯᠡᠨ ᠪᠠᠷᠢᠮᠳᠠᠯᠠᠵᠤ᠂ ᠣᠳᠣᠬᠠᠨ ᠪᠣᠯᠲᠠᠯ᠎ᠠ ᠪᠥᠬᠦ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠵᠦ᠂ 6 ᠲᠦᠮᠡ ᠭᠠᠷᠤᠢ ᠵᠡᠮᠳᠡᠭᠴᠦᠳ ᠲᠤ ᠠᠳᠠᠯᠢ ᠪᠤᠰᠤ ᠬᠡᠮᠵᠢᠶᠡᠨ ᠤ ᠦᠢᠯᠡᠴᠢᠯᠡᠭᠡ ᠬᠦᠷᠲᠡᠭᠡᠭᠰᠡᠨ ᠪᠠᠶᠢᠨ᠎ᠠ᠃      ᠵᠡᠮᠳᠡᠭᠴᠦᠳ ᠲᠤ ᠤᠨᠤᠴᠠᠳᠠᠢ ᠡᠷᠡᠭᠦᠯᠵᠢᠯ ᠤᠨ ᠦᠢᠯᠡᠴᠢᠯᠡᠭᠡ ᠬᠦᠷᠳᠡᠭᠡᠭᠦ ᠶᠢ ᠭᠦᠨᠵᠡᠭᠡᠢᠷᠡᠭᠦᠯᠵᠦ᠂ 6503 ᠵᠡᠮᠳᠡᠭᠴᠦᠳ ᠲᠤ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠬᠦᠷᠲᠡᠭᠡᠵᠦ᠂ 2077 ᠵᠡᠮᠳᠡᠭᠴᠦᠳ ᠲᠤ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠬᠤ ᠦᠢᠯᠡᠴᠢᠯᠡᠭᠡ ᠬᠦᠷᠲᠡᠭᠡᠵᠦ᠂ 830 ᠵᠡᠮᠳᠡᠭ ᠬᠡᠦᠬᠡᠳ ᠲᠤ ᠡᠷᠡᠭᠦᠯᠵᠢᠯ ᠤᠨ ᠲᠤᠰᠠᠯᠠᠮᠵᠢ ᠬᠦᠷᠲᠡᠭᠡᠵᠦ᠂ ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ ᠪᠦᠷᠬᠦᠴᠡ ᠪᠠ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠬᠤ ᠨᠣᠷᠮ᠎ᠠ ᠨᠢ ᠴᠥᠮ 90% ᠶᠢ ᠳᠠᠪᠠᠵᠠᠶ᠃ ᠬᠦᠨᠳᠦ ᠣᠶᠤᠨ ᠮᠡᠳᠡᠷᠡᠯ ᠤᠨ ᠵᠡᠮᠳᠡᠭᠴᠦᠳ ᠢ ᠡᠮᠨᠡᠯᠭᠡ ᠳᠤ ᠰᠠᠭᠤᠯᠭᠠᠵᠤ ᠠᠪᠤᠷᠠᠨ ᠲᠤᠰᠠᠯᠠᠬᠤ ᠲᠥᠷᠥᠯ ᠵᠦᠢᠯ᠂ ᠤᠮᠠᠷᠠᠲᠤ ᠬᠢᠯᠢ ᠶᠢᠨ ᠴᠢ ᠮᠢᠩ ᠨᠡᠶᠢᠲᠡ ᠶᠢᠨ ᠠᠰᠠᠷᠠᠮᠵᠢ ᠶᠢᠨ ᠠᠵᠢᠯᠯᠠᠭᠠ ᠶᠢ ᠬᠡᠷᠡᠭᠵᠢᠭᠦᠯᠵᠦ᠂ 150 ᠬᠦᠨᠳᠦ ᠣᠶᠤᠨ ᠮᠡᠳᠡᠷᠡᠯ ᠤᠨ ᠵᠡᠮᠳᠡᠭ ᠬᠥᠮᠥᠨ ᠪᠠ ᠬᠠᠷᠠᠭ᠎ᠠ ᠮᠠᠭᠤᠲᠠᠢ 100 ᠬᠡᠦᠬᠡᠳ ᠢ ᠠᠪᠤᠷᠠᠨ ᠲᠤᠰᠠᠯᠠᠪᠠ᠃      ᠣᠨᠴᠠᠭᠠᠶ ᠰᠤᠷᠭᠠᠭᠤᠯᠢ᠂ ᠠᠩᠭᠢ ᠳᠠᠭᠠᠵᠤ ᠰᠤᠷᠤᠯᠴᠠᠬᠤ᠂ ᠰᠤᠷᠭᠠᠨ ᠬᠥᠮᠥᠵᠢᠯ ᠢ ᠭᠡᠷ ᠲᠤᠨᠢ ᠬᠦᠷᠭᠡᠬᠦ ᠵᠡᠷᠭᠡ ᠠᠷᠭ᠎ᠠ ᠬᠡᠯᠪᠡᠷᠢ ᠪᠠᠷ ᠪᠦᠬᠦ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠱᠠᠲᠤᠨ ᠤ ᠵᠡᠮᠳᠡᠭ ᠪᠠᠭᠠᠴᠤᠳ ᠬᠡᠦᠬᠡᠳ ᠤᠨ ᠰᠤᠷᠭᠠᠭᠤᠯᠢ ᠳᠤ ᠣᠷᠣᠬᠤ ᠨᠣᠷᠮ᠎ᠠ ᠶᠢ 95% ᠠᠴᠠ ᠳᠡᠭᠡᠭᠰᠢ ᠳᠤ ᠬᠦᠷᠭᠡᠪᠡ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠠᠴᠠ ᠳᠡᠭᠡᠳᠦ ᠰᠤᠷᠭᠠᠭᠤᠯᠢ ᠬᠦᠷᠲᠡᠯᠡᠬᠢ ᠵᠡᠮᠳᠡᠭ ᠬᠡᠦᠬᠡᠳ ᠪᠣᠯᠤᠨ ᠵᠡᠮᠳᠡᠭ ᠰᠤᠷᠤᠭᠴᠢᠳ ᠤᠨ ᠪᠡᠯᠡ ᠮᠥᠩᠭᠦ ᠪᠠᠷ ᠲᠤᠰᠠᠯᠠᠬᠤ ᠳᠦᠷᠢᠮ ᠢ ᠪᠠᠶᠢᠭᠤᠯᠵᠤ᠂ ᠲᠡᠳᠡᠨᠡᠷ ᠤᠨ ᠰᠤᠷᠭᠠᠨ ᠬᠥᠮᠥᠵᠢᠯ ᠬᠦᠷᠲᠡᠬᠦ ᠡᠷᠬᠡ ᠶᠢ ᠪᠠᠲᠤᠯᠠᠵᠠᠢ᠃      ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠡᠨᠡ ᠵᠢᠯ ᠤᠨ ᠳᠣᠲᠣᠷ᠎ᠠ ᠪᠦᠬᠦ ᠬᠤᠲᠠ ᠶᠢᠨ 582 ᠵᠡᠮᠳᠡᠭᠴᠦᠳ ᠲᠤ ᠠᠵᠢᠯ ᠣᠯᠭᠤᠵᠤ᠂ ᠲᠣᠰ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠲᠡᠭᠦᠰᠭᠦ 32 ᠵᠡᠮᠳᠡᠭ ᠰᠤᠷᠤᠭᠴᠢ ᠨᠢᠭᠡᠨᠲᠡ ᠪᠦᠬᠦᠨ ᠢᠶᠠᠷ ᠢᠶᠠᠨ ᠠᠵᠢᠯ ᠣᠯᠵᠤ᠂ ᠠᠵᠢᠯ ᠣᠯᠣᠭᠰᠠᠨ ᠨᠣᠷᠮ᠎ᠠ ᠨᠢ 100% ᠳᠤ ᠬᠦᠷᠴᠡᠢ᠃ ᠡᠯᠧᠺᠲᠷᠣᠨ ᠬᠤᠳᠠᠯᠳᠤᠭᠠᠨ ᠤ ᠶᠠᠪᠤᠳᠠᠯ᠂ ᠪᠦᠰ ᠤᠷᠠᠯᠠᠯ ᠨᠠᠭᠠᠮᠠᠯ ᠵᠢᠷᠤᠭ᠂ ᠠᠳᠠᠯ ᠠᠬᠤᠢ ᠶᠢᠨ ᠦᠢᠯᠡᠴᠢᠯᠡᠭᠡ᠂ ᠡᠷᠡᠭᠦᠯᠵᠢᠯ ᠤᠨ ᠢᠯᠢᠯᠭᠡ᠂ ᠲᠠᠷᠢᠵᠤ ᠲᠡᠵᠢᠭᠡᠬᠦ᠂ ᠭᠠᠷ ᠤᠷᠠᠯᠠᠯ ᠵᠡᠷᠭᠡ ᠵᠡᠮᠳᠡᠭᠴᠦᠳ ᠤᠨ ᠠᠵᠢᠯ ᠲᠥᠷᠥᠯ ᠤᠨ ᠤᠷ᠎ᠠ ᠮᠡᠷᠭᠡᠵᠢᠯ ᠪᠠ ᠬᠥᠳᠡᠭᠡ ᠲᠣᠰᠬᠤᠨ ᠤ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠢ 31 ᠬᠤᠭᠤᠴᠠᠭ᠎ᠠ ᠥᠷᠨᠢᠭᠦᠯᠵᠦ᠂ 2195 ᠬᠥᠮᠦᠨ ᠤᠳᠠᠭ᠎ᠠ ᠳᠤ ᠪᠣᠯᠪᠠᠰᠤᠷᠠᠯ ᠬᠦᠷᠳᠡᠭᠡᠪᠡ᠃ ᠪᠥᠬᠦ ᠬᠤᠲᠠ ᠶᠢᠨ 11 ᠵᠡᠮᠳᠡᠭᠴᠦᠳ ᠤᠨ ᠲᠤᠰᠠᠯᠠᠬᠤ ᠴᠢᠨᠠᠷᠲᠠᠶ ᠠᠵᠢᠯ ᠣᠯᠭᠤᠯᠲᠠ ᠶᠢᠨ ᠪᠠᠢᠭᠤᠯᠤᠮᠵᠢ ᠠᠴᠠ 219 ᠵᠡᠮᠳᠡᠭᠴᠦᠳ ᠲᠤ ᠠᠵᠢᠯ ᠣᠯᠭᠤᠵᠦ᠂ 48 ᠵᠡᠮᠳᠡᠭᠴᠦᠳ ᠲᠤ ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ ᠶᠢᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠪᠠ᠃      ᠡᠬᠦᠨ ᠠᠴᠠ ᠭᠠᠳᠠᠨ᠎ᠠ᠂ ︽ᠵᠡᠮᠳᠡᠭᠴᠦᠳ ᠤᠨ ᠰᠣᠶᠣᠯ ᠤᠨ ᠭᠠᠷᠠᠭ︾᠂ ︽ᠵᠡᠮᠳᠡᠭᠴᠦᠳ ᠤᠨ ᠪᠡᠶ᠎ᠡ ᠴᠢᠭᠢᠷᠠᠭᠵᠢᠭᠤᠯᠬᠤ ᠭᠠᠷᠠᠭ︾᠂ ︽ᠵᠡᠮᠳᠡᠭᠴᠦᠳ ᠤᠨ ᠮᠥᠰᠥ ᠴᠠᠰᠤᠨ ᠤ ᠬᠥᠳᠡᠯᠭᠡᠭᠡᠨ ᠤ ᠤᠯᠠᠷᠢᠯ︾ ᠵᠡᠷᠭᠡ ᠣᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ ᠰᠤᠨᠤᠷ ᠮᠠᠭᠤᠳᠠᠢ᠂ ᠬᠠᠷᠠᠭ᠎ᠠ ᠠᠯᠳᠠᠭᠰᠠᠳ ᠲᠤ ᠲᠠᠭᠤ ᠲᠠᠢ ᠤᠩᠰᠢᠬᠤ ᠪᠢᠴᠢᠭ᠂ ᠳᠣᠬᠢᠶᠠᠨ ᠬᠡᠯᠡᠨ ᠤ ᠥᠰᠥᠭ ᠤᠨ ᠳᠡᠯᠭᠡᠴᠡ ᠵᠡᠷᠭᠡ ᠰᠠᠭᠠᠳ ᠥᠬᠡᠶ ᠰᠣᠶᠣᠯ ᠤᠨ ᠦᠢᠯᠡᠴᠢᠯᠡᠭᠡ ᠬᠠᠩᠭᠠᠪᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ