ᠬᠤᠶᠠᠷ ᠵᠤᠷᠪᠤᠰ ᠨᠡᠶᠢᠲᠡ ᠶᠢᠨ ᠮᠠᠰᠢᠨ ᠲᠡᠷᠭᠡᠨ ᠤ ᠱᠤᠭᠤᠮ ᠤᠤᠯ ᠤᠨ ᠠᠵᠢᠯᠯᠠᠬᠤ ᠴᠠᠭ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2022/12/21
      ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠬᠥᠬᠡᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠣᠶᠢᠯᠠᠭᠠᠭᠰᠠᠨ ᠢᠶᠠᠷ᠂ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢᠨ ᠲᠥᠯᠥᠭᠡ᠂ 12 ᠳ᠋ᠤᠭᠠᠷ ᠰᠠᠷ᠎ᠠ ᠶᠢᠨ 19 ᠤ ᠡᠳᠦᠷ ᠠᠴᠠ ᠡᠬᠢᠯᠡᠨ 101 ᠳ᠋ᠤᠭᠡᠷ ᠵᠠᠮ᠂ 209 ᠳ᠋ᠤᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ ᠱᠤᠭᠤᠮ ᠤᠨ ᠤᠤᠯ ᠤᠨ ᠡᠵᠡᠩᠨᠡᠯᠲᠡ ᠶᠢᠨ ᠴᠠᠭ ᠢ ᠰᠡᠷᠭᠦᠭᠡᠪᠡ᠃      101 ᠳ᠋ᠤᠭᠡᠷ ᠵᠠᠮ ᠤᠨ ᠨᠡᠶᠢᠲᠡ ᠶᠢᠨ ᠮᠠᠰᠢᠨ ᠲᠡᠷᠭᠡ᠂ 7 ᠴᠠᠭ 10 ᠮᠢᠨᠦ᠋ᠲ ᠲᠤ ᠱᠧᠩ ᠯᠧ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠠᠩᠬᠠᠨ ᠤ ᠡᠭᠡᠯᠵᠢ ᠶᠢᠨ ᠲᠡᠷᠭᠡ ᠬᠦᠳᠡᠯᠵᠦ᠂ 18 ᠴᠠᠭ 40 ᠮᠢᠨᠦ᠋ᠲ ᠲᠤ ᠡᠴᠦᠰ ᠤᠨ ᠡᠭᠡᠯᠵᠢ ᠶᠢᠨ ᠲᠡᠷᠭᠡ ᠬᠦᠳᠡᠯᠦᠨ᠎ᠡ︔ 6 ᠴᠠᠭ 10 ᠮᠢᠨᠦ᠋ᠲ ᠲᠤ ᠭᠠᠯᠲᠤ ᠲᠡᠷᠭᠡᠨ ᠤ ᠵᠡᠭᠦᠨ ᠥᠷᠲᠡᠭᠡᠨ ᠠᠴᠠ ᠠᠩᠬᠠᠨ ᠤ ᠡᠭᠡᠯᠵᠢ ᠶᠢᠨ ᠲᠡᠷᠭᠡ ᠬᠥᠳᠡᠯᠦᠨ᠎ᠡ᠂ 17 ᠴᠠᠭ 30 ᠮᠢᠨᠦ᠋ᠲ ᠲᠤ ᠡᠴᠦᠰ ᠤᠨ ᠡᠭᠡᠯᠵᠢ ᠶᠢᠨ ᠲᠡᠷᠭᠡ ᠬᠥᠳᠡᠯᠦᠨ᠎ᠡ᠃ 209 ᠳ᠋ᠤᠭᠡᠷ ᠵᠠᠮ ᠤᠨ ᠨᠡᠶᠢᠲᠡ ᠶᠢᠨ ᠮᠠᠰᠢᠨ ᠲᠡᠷᠭᠡ᠂ 7 ᠴᠠᠭ ᠲᠤ ᠠᠩᠬᠠᠨ ᠤ ᠡᠭᠡᠯᠵᠢ ᠶᠢᠨ ᠲᠡᠷᠭᠡ ᠬᠥᠳᠡᠯᠦᠨ᠎ᠡ᠂ 18 ᠴᠠᠭ 30 ᠮᠢᠨᠦ᠋ᠲ ᠲᠤ ᠡᠴᠦᠰ ᠤᠨ ᠡᠭᠡᠯᠵᠢ ᠶᠢᠨ ᠲᠡᠷᠭᠡ ᠬᠥᠳᠡᠯᠦᠨ᠎ᠡ᠂ ᠡᠰᠡᠷᠭᠦ ᠴᠢᠭᠯᠡᠯ ᠢᠶᠠᠷ ᠲᠡᠷᠭᠡ ᠬᠥᠳᠡᠯᠦᠨ᠎ᠡ
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ