ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠬᠤᠷᠠᠯ ᠵᠢᠴᠢ 2022 ᠣᠨ ᠤ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠭᠡᠰᠢᠭᠦᠨ᠂ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠭᠤᠣᠯ ᠤᠳᠤᠷᠢᠳᠤᠯᠭ᠎ᠠ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/22
ᠼᠤᠤ ᠰᠧ ᠶᠠᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠮᠢᠶᠣᠣ ᠰᠢᠨ︶ 12 ᠳ᠋ᠤᠭᠠᠷ ᠰᠠᠷ᠎ᠠ ᠶᠢᠨ 21 ᠤ ᠡᠳᠦᠷ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠬᠤᠷᠠᠯ ᠵᠢᠴᠢ 2022 ᠣᠨ ᠤ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠭᠡᠰᠢᠭᠦᠨ᠂ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠭᠤᠣᠯ ᠤᠳᠤᠷᠢᠳᠤᠯᠭ᠎ᠠ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ᠃ ᠬᠤᠷᠠᠯ ᠠᠴᠠ ᠮᠠᠨ ᠤ ᠬᠤᠳᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ᠂ ᠬᠤᠳᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠵᠢᠴᠢ ᠬᠡᠰᠡᠭ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠤᠳᠤᠷᠢᠳᠬᠤ ᠨᠥᠬᠦᠳ ᠤᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠴᠤ᠂ 2023 ᠣᠨ ᠤ ᠪᠦᠬᠦ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠰᠧ ᠶᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ᠃ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠯᠢ ᠵᠢᠶᠦ᠋ᠨ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠵᠣᠣ ᠰᠢ ᠮᠢᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠵᠠᠩ ᠰᠢᠶᠣᠣ ᠬᠤᠩ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ