11 ᠰᠠᠷ᠎ᠠ ᠶᠢᠨ 13 ᠤ ᠡᠳᠦᠷ᠂ ᠰᠤᠷᠪᠤᠯᠵᠢᠯᠠᠬᠴᠢ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ | ᠨᠡᠶᠢᠲᠡᠯᠡᠬᠦ ᠬᠤᠷᠠᠯ ︵73 ᠳ᠋ᠤᠭᠠᠷ ᠲᠠᠯᠠᠪᠠᠢ︶ ᠠᠴᠠ ᠣᠶᠢᠯᠠᠭᠠᠭᠰᠠᠨ ᠢᠶᠠᠷ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ | ᠡᠵᠡᠮᠳᠡᠬᠦ ᠲᠣᠭᠲᠠᠴᠠ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ | ᠴᠢᠨᠠᠭᠰᠢᠳᠠ ᠰᠢᠯᠢᠳᠡᠭᠵᠢᠭᠦᠯᠵᠦ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠣᠨᠣᠴᠠᠲᠠᠢ ᠰᠠᠶᠢᠲᠤᠷ ᠬᠢᠬᠦ ᠲᠤᠬᠠᠢ ᠮᠡᠳᠡᠭᠳᠡᠯ︾ ᠢ ᠨᠡᠶᠢᠲᠡᠯᠡᠭᠰᠡᠨ ᠤ | ᠳᠠᠷᠠᠭ᠎ᠠ᠂ ᠭᠦᠭᠡᠬᠤᠲᠠ ᠠᠵᠤ ᠠᠬᠤᠶᠢᠯᠠᠯ ᠪᠣᠯᠣᠨ ᠬᠦᠷᠢᠶᠡᠯᠡᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠤᠷᠪᠤᠰ ᠳᠠᠷᠠᠭᠠᠯᠠᠨ | ᠡᠮᠬᠢᠯᠡᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠠᠶᠢᠳᠠᠯ ᠢ ᠤᠯᠠᠮ ᠴᠢᠨᠠᠭᠰᠢᠳᠠ ᠣᠶᠢᠯᠠᠭᠠᠭᠰᠠᠨ ᠰᠠᠭᠤᠷᠢᠨ ᠳᠡᠭᠡᠷ᠎ᠡ᠂ ᠡᠯ᠎ᠡ ᠵᠦᠢᠯ ᠤᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠭᠦᠨᠵᠡᠭᠡᠶᠢᠷᠡᠭᠦᠯᠪᠡ᠃ | ᠨᠢᠭᠡ ᠳᠤ᠂ ᠰᠡᠷᠭᠡᠶᠢᠯᠡᠨ ᠡᠵᠡᠮᠳᠡᠵᠦ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠨ᠎ᠠ᠃ ᠬᠤᠲᠠ᠂ ᠰᠢᠶᠠᠨ ︵ᠬᠦᠷᠢᠶᠡᠯᠡᠩ ᠲᠣᠭᠤᠷᠢᠭ︶᠂ ᠠᠵᠤ | ᠠᠬᠤᠶᠢᠯᠠᠯ ᠭᠤᠷᠪᠠᠨ ᠱᠠᠲᠤᠨ ᠤ ᠲᠤᠰᠬᠠᠢ ᠠᠩᠭᠢ ᠶᠢᠨ ᠠᠵᠢᠯᠲᠠᠨ ᠤ ᠬᠦᠴᠦᠨ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠷᠪᠠᠨ ᠱᠠᠲᠤᠨ ᠤ | ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠢᠵᠢᠯᠢ ᠠᠯᠬᠤᠮ ᠢᠶᠠᠷ ᠬᠢᠵᠦ᠂ ᠵᠡᠷᠭᠡ ᠪᠠᠷ ᠴᠤᠤᠷᠢᠶᠠᠲᠤᠨ᠂ ᠬᠠᠮᠲᠤ ᠪᠠᠷ ᠠᠳᠬᠤᠨ ᠬᠠᠮᠲᠤ ᠪᠠᠷ ᠰᠡᠷᠭᠡᠶᠢᠯᠡᠵᠦ᠂ | ᠰᠡᠷᠭᠡᠶᠢᠯᠡᠨ ᠡᠵᠡᠮᠳᠡᠬᠦ ᠠᠵᠢᠯ ᠤᠨ ᠨᠡᠶᠢᠯᠡᠮᠡᠯ ᠬᠦᠴᠦᠨ ᠢ ᠦᠨᠡᠨ ᠬᠦ ᠪᠦᠷᠢᠯᠳᠦᠭᠦᠯᠦᠨ᠎ᠡ᠃ ᠡᠭᠦᠨ ᠤ ᠬᠠᠮᠲᠤ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠢ | ︽ᠬᠤᠷᠢᠨ ᠵᠦᠢᠯ ᠤᠨ ᠠᠷᠭ᠎ᠠ ᠬᠡᠮᠵᠢᠶ᠎ᠡ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠨᠢᠭᠡᠨᠲᠡ ᠲᠣᠭᠲᠠᠭᠠᠭᠰᠠᠨ ︽ᠨᠢᠭᠡ ᠠᠵᠤ ᠠᠬᠤᠶᠢᠯᠠᠯ ᠳᠤ | ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾᠂ ︽ᠨᠢᠭᠡ ᠬᠦᠷᠢᠶᠡᠯᠡᠩ ᠲᠣᠭᠤᠷᠢᠭ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠵᠦ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠥᠰᠥᠯ ᠤᠨ ᠠᠷᠭ᠎ᠠ ᠬᠡᠮᠵᠢᠶ᠎ᠡ ᠨᠢᠭᠡ ᠪᠦᠷᠢ ᠶᠢ ᠴᠢᠩᠭ᠎ᠠ ᠠᠴᠠ ᠴᠢᠩᠭ᠎ᠠ᠂ | ᠨᠠᠷᠢᠯᠢᠭ ᠠᠴᠠ ᠨᠠᠷᠢᠯᠢᠭ ᠲᠡᠭᠦᠯᠳᠡᠷᠵᠢᠭᠦᠯᠵᠦ᠂ ᠪᠠᠭᠤᠷᠠᠢ ᠭᠤᠭᠴᠤᠭ᠎ᠠ ᠳᠤ ᠭᠤᠣᠯᠳᠠᠯᠭ᠎ᠠ ᠲᠠᠢ ᠴᠢᠭᠯᠡᠭᠦᠯᠦᠨ᠂ ᠪᠢᠲᠡᠭᠦᠮᠵᠢᠯᠡᠭᠰᠡᠨ ᠬᠠᠮᠢᠶᠠᠷᠤᠯᠲᠠ᠂ ᠵᠢᠵᠢᠭᠦᠷᠯᠡᠨ | ᠰᠠᠬᠢᠬᠤ᠂ ᠬᠥᠮᠥᠨ ᠪᠠ ᠲᠡᠷᠭᠡ ᠣᠷᠣᠵᠤ ᠭᠠᠷᠬᠤ᠂ ᠦᠢᠯᠡᠳᠪᠦᠷᠢ ᠶᠢᠨ ᠲᠣᠭᠤᠷᠢᠭ ᠢ ᠬᠠᠮᠢᠶᠠᠷᠤᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠵᠤ᠂ ᠲᠤᠰᠬᠠᠢ ᠬᠥᠮᠥᠨ ᠲᠤᠰᠬᠠᠢ ᠠᠵᠢᠯ ᠤᠨ ᠪᠠᠶᠢᠷᠢ ᠶᠢ ᠲᠣᠳᠣᠷᠬᠠᠶᠢᠯᠠᠨ᠂ ᠠᠴᠢᠶᠠᠨ ᠤ ᠲᠡᠷᠭᠡ ᠦᠢᠯᠡᠳᠪᠦᠷᠢ ᠶᠢᠨ ᠲᠣᠭᠤᠷᠢᠭ ᠲᠤ | ᠣᠷᠣᠬᠤ ᠠᠴᠠ ᠡᠮᠦᠨ᠎ᠡ ᠪᠦᠭᠦ ᠲᠠᠯ᠎ᠠ ᠪᠠᠷ ᠠᠷᠢᠭᠤᠳᠬᠠᠬᠤ ᠪᠠ ᠬᠥᠮᠥᠰ ᠲᠤ ᠠᠨᠲ᠋ᠢᠪᠤᠳᠢ ᠶᠢᠨ ᠤᠷᠪᠠᠯ ᠤᠨ ᠪᠠᠶᠢᠴᠠᠭᠠᠯᠲᠠ ᠬᠢᠵᠦ᠂ ᠪᠠᠷᠠᠭ᠎ᠠ ᠪᠠᠭᠤᠯᠭᠠᠬᠤ | ᠲᠣᠭᠤᠷᠢᠭ ᠲᠤ ᠣᠷᠣᠭᠰᠠᠨ ᠵᠢᠯᠣᠭᠤᠴᠢ ᠪᠠ ᠲᠡᠷᠭᠡᠨ ᠳᠤ ᠰᠠᠭᠤᠭᠰᠠᠨ ᠬᠥᠮᠥᠰ ᠤᠨ ︽ᠬᠥᠮᠥᠨ ᠨᠢ ᠲᠡᠷᠭᠡᠨ ᠠᠴᠠ ᠰᠠᠯᠬᠤ ᠦᠭᠡᠢ᠂ ᠳᠠᠷᠤᠶᠢᠬᠠᠨ ᠬᠦᠷᠭᠡᠵᠦ | ︵ᠠᠴᠢᠶᠠᠯᠠᠬᠤ︶ ᠳᠠᠷᠤᠶᠢᠬᠠᠨ ᠶᠠᠪᠤᠬᠤ︾ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ ᠶᠢ ᠪᠦᠭᠦ ᠶᠠᠪᠤᠴᠠ ᠪᠠᠷ ᠬᠢᠨᠠᠯᠲᠠ ᠲᠠᠯᠪᠢᠨ ᠬᠢᠨᠠᠨ ᠰᠠᠬᠢᠵᠤ᠂ | ᠦᠢᠯᠡᠳᠪᠦᠷᠢ ᠶᠢᠨ ᠲᠣᠭᠤᠷᠢᠭ ᠤᠨ ᠨᠢᠭᠡᠳᠦᠭᠡᠷ ᠪᠣᠭᠤᠮᠲᠠ ᠶᠢ ᠪᠠᠲᠤ ᠰᠠᠬᠢᠬᠤ ᠶᠢ ᠦᠨᠡᠨ ᠬᠦ ᠪᠠᠲᠤᠯᠠᠨ᠎ᠠ᠃ | ᠬᠤᠶᠠᠷ ᠲᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠤᠨ᠎ᠠ᠃ ᠬᠦᠷᠢᠶᠡᠯᠡᠩ ᠲᠣᠭᠤᠷᠢᠭ ᠪᠣᠯᠣᠨ ᠠᠵᠤ ᠠᠬᠤᠶᠢᠯᠠᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ | ᠱᠠᠭᠠᠷᠳᠠᠵᠤ᠂ ᠬᠠᠮᠢᠶᠠᠷᠤᠯᠲᠠ ᠶᠢᠨ ᠳᠠᠪᠬᠤᠷᠭ᠎ᠠ᠂ ᠦᠢᠯᠡᠳᠪᠦᠷᠢ ᠶᠢᠨ ᠲᠠᠰᠤᠭ ᠡᠭᠡᠯᠵᠢ ᠳᠤᠭᠤᠶᠢᠯᠠᠩ᠂ ᠡᠮᠦᠨ᠎ᠡ ᠹᠷᠣᠨᠲ ᠤᠨ ᠠᠵᠢᠯᠲᠠᠨ ᠠᠵᠢᠯᠴᠢᠨ ᠤ | ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠶᠢ ᠤᠯᠠᠮ ᠴᠢᠨᠠᠭᠰᠢᠳᠠ ᠨᠠᠷᠢᠯᠢᠭ ᠬᠤᠪᠢᠶᠠᠵᠤ᠂ ᠬᠡᠷᠡᠭᠵᠢᠭᠦᠯᠬᠦ ᠭᠤᠭᠴᠤᠭ᠎ᠠ ᠳᠤ ︽ᠤᠯᠠᠨ ᠲᠠᠯ᠎ᠠ ᠠᠴᠠ | ᠵᠢᠯᠤᠭᠤᠳᠬᠤ︾᠂ ︽ᠨᠢᠭᠡ ᠬᠥᠮᠥᠨ ᠤᠯᠠᠨ ᠠᠵᠢᠯ ᠤᠨ ᠪᠠᠶᠢᠷᠢ ᠲᠠᠢ ᠪᠠᠶᠢᠬᠤ︾ ᠠᠰᠠᠭᠤᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠠᠵᠤ | ᠠᠬᠤᠶᠢᠯᠠᠯ ᠢ ᠵᠢᠯᠣᠭᠤᠳᠤᠨ ︽ᠨᠢᠭᠡ ᠪᠢᠴᠢᠭ᠂ ᠬᠤᠶᠠᠷ ᠨᠠᠷᠢᠨ ᠲᠠᠩᠰᠠ᠂ ᠭᠤᠷᠪᠠᠨ ᠲᠡᠮᠳᠡᠭᠯᠡᠯ︾᠂ ᠲᠤᠬᠠᠶᠢᠯᠠᠪᠠᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠮᠠᠯᠠᠯᠲᠠ ᠶᠢᠨ ᠪᠢᠴᠢᠭ᠂ ᠠᠵᠢᠯᠲᠠᠨ ᠤ ᠮᠡᠳᠡᠭᠡ ᠵᠠᠩᠭᠢ ᠶᠢᠨ ᠡᠬᠡ ᠲᠠᠩᠰᠠ ᠶᠢᠨ ᠨᠠᠷᠢᠨ ᠲᠠᠩᠰᠠ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠠᠷᠢᠨ ᠲᠠᠩᠰᠠ᠂ | ᠠᠷᠢᠭᠤᠳᠬᠠᠨ ᠠᠷᠢᠯᠭᠠᠭᠰᠠᠨ ᠲᠡᠮᠳᠡᠭᠯᠡᠯ᠂ ᠣᠷᠣᠵᠤ ᠭᠠᠷᠤᠭᠰᠠᠨ ᠲᠡᠮᠳᠡᠭᠯᠡᠯ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠲᠡᠮᠳᠡᠭᠯᠡᠯ ᠢ ᠪᠦᠷᠢᠨᠰᠢᠭᠦᠯᠵᠦ᠂ | ᠦᠢᠯᠡᠳᠪᠦᠷᠢ ᠳᠤ ᠣᠷᠣᠬᠤ ᠵᠠᠮ ᠱᠤᠭᠤᠮ ᠤᠨ ᠬᠠᠮᠢᠶᠠᠷᠤᠯᠲᠠ᠂ ᠴᠢᠳᠠᠮᠵᠢᠲᠤ ᠣᠷᠣᠨ ᠤ ᠲᠤᠤᠷᠵᠢᠬᠰᠠᠨ ᠬᠤᠪᠢᠶᠠᠷᠢᠯᠠᠯ᠂ ᠦᠢᠯᠡᠳᠪᠦᠷᠢᠯᠡᠯ ᠤᠨ ᠪᠦᠭᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠠᠴᠠ ᠭᠠᠷᠳᠠᠵᠤ᠂ ᠪᠦᠭᠦ ᠭᠤᠭᠴᠤᠭ᠎ᠠ᠂ ᠪᠦᠭᠦ ᠶᠠᠪᠤᠴᠠ ᠶᠢᠨ ᠰᠡᠷᠭᠡᠶᠢᠯᠡᠨ ᠡᠵᠡᠮᠳᠡᠬᠦ ᠠᠰᠠᠭᠤᠳᠠᠯ ᠤᠨ ᠡᠬᠡ ᠲᠠᠩᠰᠠ ᠶᠢ | ᠪᠠᠶᠢᠭᠤᠯᠵᠤ᠂ ᠬᠠᠷᠢᠭᠤᠴᠠᠯᠭᠠᠲᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠯᠣᠨ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ ᠲᠣᠳᠣᠷᠬᠠᠶᠢᠯᠠᠨ᠎ᠠ᠃ | | ᠭᠤᠷᠪᠠ ᠳᠤ᠂ ᠠᠵᠢᠯ ᠤᠨ ᠪᠠᠶᠢᠷᠢ ᠳᠠᠭᠠᠨ ᠪᠤᠴᠠᠭᠰᠠᠳ ᠢ ᠬᠢᠨᠠᠨ ᠪᠠᠶᠢᠴᠠᠭᠠᠬᠤ ᠶᠢ ᠴᠢᠩᠭᠠᠳᠬᠠᠨ᠎ᠠ᠃ ᠭᠦᠭᠡᠬᠤᠲᠠ ᠠᠴᠠ ᠲᠣᠭᠲᠠᠭᠠᠭᠰᠠᠨ ︽ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠠᠭᠠᠨ ᠪᠤᠴᠠᠵᠤ ᠠᠵᠢᠯ ᠢᠶᠠᠨ ᠰᠡᠷᠭᠦᠭᠡᠬᠦ ᠳᠠᠷᠠᠭᠠᠯᠠᠯ︾ ᠤᠨ | ᠶᠣᠰᠣᠭᠠᠷ᠂ ᠨᠥᠬᠦᠴᠡᠯ ᠳᠤ ᠨᠡᠶᠢᠴᠡᠭᠦ ᠠᠵᠢᠯ ᠤᠨ ᠪᠠᠶᠢᠷᠢ ᠳᠠᠭᠠᠨ ᠪᠤᠴᠠᠬᠤ ᠬᠥᠮᠥᠰ ᠤᠨ ᠮᠡᠳᠡᠭᠡ ᠵᠠᠩᠭᠢ ᠶᠢ ᠴᠢᠩᠭ᠎ᠠ ᠬᠢᠨᠠᠨ ᠬᠠᠷᠭᠤᠭᠤᠯᠤᠭᠰᠠᠨ ᠰᠠᠭᠤᠷᠢᠨ | ᠳᠡᠭᠡᠷ᠎ᠡ᠂ ᠬᠤᠲᠠ ᠰᠢᠶᠠᠨ ᠬᠤᠶᠠᠷ ᠱᠠᠲᠤᠨ ᠤ ᠲᠤᠰᠬᠠᠢ ᠠᠩᠭᠢ ᠶᠢᠨ ᠬᠢᠨᠠᠨ ᠬᠠᠷᠭᠤᠭᠤᠯᠤᠭᠰᠠᠨ ᠰᠠᠨᠠᠯ ᠪᠠ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ | ᠰᠤᠳᠤᠯᠤᠨ ᠮᠠᠭᠠᠳᠯᠠᠭᠰᠠᠨ ᠰᠠᠨᠠᠯ ᠢ ᠶᠡᠷᠦᠩᠬᠡᠶᠢᠯᠡᠨ᠂ ᠠᠵᠢᠯᠴᠢᠨ ᠤ ᠦᠢᠯᠡᠳᠪᠦᠷᠢ ᠳᠡᠭᠡᠨ ᠪᠤᠴᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠠᠭᠠᠨ ᠪᠤᠴᠠᠵᠤ ᠠᠵᠢᠯ ᠢᠶᠠᠨ ᠰᠡᠷᠭᠦᠭᠡᠬᠦ ᠶᠢ ᠢᠳᠡᠪᠬᠢᠲᠡᠢ ᠪᠥᠭᠡᠳ ᠡᠮᠬᠢ ᠵᠢᠷᠤᠮ ᠲᠠᠢ ᠪᠠᠷ | ᠬᠠᠪᠰᠤᠷᠴᠤ᠂ ᠠᠵᠤ ᠠᠬᠤᠶᠢᠯᠠᠯ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ | ᠲᠠᠯᠪᠢᠨ᠎ᠠ᠃ | ᠳᠥᠷᠪᠡ ᠳᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠠᠵᠤ ᠠᠬᠤᠶᠢᠯᠠᠯ ᠤᠨ ᠵᠠᠩᠭᠢᠯᠠᠭ᠎ᠠ ᠶᠢᠨ ᠠᠵᠢᠯ ᠤᠨ | ᠪᠠᠶᠢᠷᠢ᠂ ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ ᠳᠤ ᠠᠩᠬᠠᠷᠤᠯ ᠢᠶᠠᠨ ᠲᠥᠪᠯᠡᠷᠡᠭᠦᠯᠦᠨ ᠠᠵᠢᠯ ᠤᠨ ᠪᠠᠶᠢᠷᠢ ᠶᠢᠨ ᠡᠭᠡᠯᠵᠢ ᠠᠵᠢᠯ ᠤᠨ ᠪᠠᠶᠢᠷᠢ ᠶᠢᠨ | ᠪᠡᠯᠡᠳᠬᠡᠯ ᠤᠨ ᠪᠠᠲᠤᠯᠠᠭ᠎ᠠ ᠬᠢᠬᠦ ᠶᠢ ᠵᠢᠯᠤᠭᠤᠳᠴᠤ᠂ ᠨᠠᠭᠠᠲᠤ ᠵᠠᠬ᠎ᠠ ᠳᠠᠭᠠᠨ 2 ᠡᠭᠡᠯᠵᠢ ᠶᠢᠨ ᠳᠤᠭᠤᠶᠢᠯᠠᠩ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ | 1 ᠰᠠᠯᠠᠭ᠎ᠠ ᠡᠩᠨᠡᠭᠡ ᠶᠢ ᠨᠥᠭᠡᠴᠡᠯᠡᠵᠦ᠂ ᠠᠵᠢᠯᠲᠠᠨ ᠠᠵᠢᠯᠴᠢᠨ ᠤ ᠳᠠᠭᠠᠭᠠᠴᠠ ᠠᠴᠠ ᠬᠡᠲᠦᠷᠡᠲᠡᠯ᠎ᠡ ᠠᠵᠢᠯᠯᠠᠬᠤ᠂ ᠡᠷᠴᠢᠮ ᠶᠡᠬᠡᠲᠡᠢ ᠠᠵᠢᠯᠯᠠᠬᠤ ᠶᠢ ᠴᠢᠩᠭ᠎ᠠ | ᠴᠠᠭᠠᠵᠠᠯᠠᠨ᠎ᠠ᠃ ᠠᠵᠤ ᠠᠬᠤᠶᠢᠯᠠᠯ ᠢ ᠵᠢᠯᠤᠭᠤᠳᠴᠤ ᠪᠠᠶᠢᠭᠠᠳ ᠦᠢᠯᠡᠳᠪᠦᠷᠢ ᠶᠢᠨ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠦᠭᠦ ᠲᠠᠯ᠎ᠠ ᠪᠠᠷ | ᠪᠢᠲᠡᠭᠦᠮᠵᠢᠯᠡᠬᠦ ᠪᠠ ︽ᠬᠤᠶᠠᠷ ᠴᠡᠭ ᠨᠢᠭᠡ ᠱᠤᠭᠤᠮ︾ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠵᠠᠭᠪᠤᠷ ᠢ ᠲᠠᠰᠤᠷᠠᠯᠲᠠ ᠦᠭᠡᠢ ᠰᠢᠯᠢᠳᠡᠭᠵᠢᠭᠦᠯᠦᠨ | ᠲᠡᠭᠦᠯᠳᠡᠷᠵᠢᠭᠦᠯᠦᠨ᠎ᠡ᠃ ︽ᠬᠡᠨ ᠠᠵᠢᠯᠴᠢᠨ ᠬᠡᠷᠡᠭᠯᠡᠭᠰᠡᠨ ᠪᠣᠯ ᠲᠡᠷᠡ ᠬᠠᠷᠢᠭᠤᠴᠠᠬᠤ᠂ ᠬᠡᠨ ᠬᠥᠮᠥᠨ ᠲᠣᠮᠢᠯᠠᠭᠰᠠᠨ ᠪᠣᠯ ᠲᠡᠷᠡ ᠬᠠᠷᠢᠭᠤᠴᠠᠬᠤ︾ ᠵᠠᠷᠴᠢᠮ | ᠶᠣᠰᠣᠭᠠᠷ᠂ ᠭᠤᠷᠪᠠᠳᠠᠭᠢ ᠡᠲᠡᠭᠡᠳ ᠲᠠᠢ ᠬᠠᠮᠲᠤ ᠪᠠᠷ ᠭᠠᠳᠠᠭᠰᠢ ᠳᠠᠭᠠᠭᠠᠴᠢᠯᠠᠭᠰᠠᠨ ᠬᠥᠮᠥᠰ ᠢ ᠬᠠᠮᠢᠶᠠᠷᠴᠤ᠂ ᠦᠢᠯᠡᠳᠪᠦᠷᠢ ᠳᠤ ᠣᠷᠣᠭᠰᠠᠨ ᠤ ᠳᠠᠷᠠᠭ᠎ᠠ ᠠᠵᠤ | ᠠᠬᠤᠶᠢᠯᠠᠯ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠬᠡᠪᠴᠢᠶᠡᠨ ᠳᠤ ᠨᠢᠭᠡᠳᠦᠯᠲᠡᠢ ᠣᠷᠣᠭᠤᠯᠤᠨ᠎ᠠ᠃ | ᠲᠠᠪᠤ ᠳᠤ᠂ ᠠᠵᠤ ᠠᠬᠤᠶᠢᠯᠠᠯ ᠤᠨ ᠬᠦᠴᠢᠷᠳᠡᠯ ᠢ ᠨᠢ ᠢᠳᠡᠪᠬᠢᠲᠡᠢ ᠰᠢᠢᠳᠪᠦᠷᠢᠯᠡᠵᠦ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠪᠠ ᠭᠦᠭᠡᠬᠤᠲᠠ ᠶᠢᠨ | ᠭᠤᠣᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠨᠡᠪᠲᠡᠷᠡᠬᠦ ᠦᠨᠡᠮᠯᠡᠯ ᠢ ᠭᠤᠶᠤᠴᠢᠯᠠᠨ ᠠᠪᠬᠤ ᠪᠠ ᠲᠠᠷᠬᠠᠭᠠᠬᠤ ᠠᠵᠢᠯ ᠢ ᠴᠢᠩᠭ᠎ᠠ | ᠪᠥᠭᠡᠳ ᠥᠨᠳᠥᠷ ᠪᠦᠲᠦᠮᠵᠢᠲᠡᠶ ᠰᠠᠶᠢᠲᠤᠷ ᠬᠢᠵᠦ᠂ ᠠᠵᠤ ᠠᠬᠤᠶᠢᠯᠠᠯ ᠤᠨ ᠲᠡᠭᠡᠭᠡᠪᠦᠷᠢ ᠬᠠᠷᠰᠢᠯᠠᠭᠳᠠᠵᠤ ᠪᠠᠶᠢᠭ᠎ᠠ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ | ᠰᠢᠢᠳᠪᠦᠷᠢᠯᠡᠵᠦ᠂ ᠪᠦᠭᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠨᠧᠷᠭᠢ ᠶᠢᠨ ᠡᠳ᠋ ᠪᠣᠳᠠᠰ᠂ ᠦᠢᠯᠡᠳᠪᠦᠷᠢᠯᠡᠯ ᠤᠨ ᠡᠳ᠋ ᠪᠣᠳᠠᠰ ᠤᠨ | ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ ᠭᠤᠣᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ︽ᠴᠠᠭᠠᠨ ᠲᠠᠩᠰᠠ︾ ᠶᠢ ᠬᠢᠨᠠᠨ ᠬᠡᠮᠵᠢᠨ ᠲᠣᠬᠢᠷᠠᠭᠤᠯᠵᠤ᠂ ︽ᠴᠠᠭᠠᠨ ᠲᠠᠩᠰᠠ︾ ᠶᠢᠨ ᠠᠵᠤ | ᠠᠬᠤᠶᠢᠯᠠᠯ ᠤᠨ ᠦᠢᠯᠡᠳᠪᠦᠷᠢᠯᠡᠯ ᠢᠶᠠᠨ ᠥᠯᠥ ᠪᠠᠭᠠᠰᠬᠠᠬᠤ ᠦᠯᠦ ᠵᠣᠭᠰᠤᠭᠠᠬᠤ ᠶᠢ ᠪᠦᠭᠦ ᠬᠦᠴᠦᠨ ᠢᠶᠠᠷ ᠪᠠᠲᠤᠯᠠᠨ᠎ᠠ᠃ ᠬᠢᠵᠢᠭ ᠤᠨ ᠪᠠᠶᠢᠳᠠᠯ ᠠᠴᠠ ᠪᠣᠯᠵᠤ | ᠦᠢᠯᠡᠳᠪᠦᠷᠢᠯᠡᠯ ᠢᠶᠠᠨ ᠵᠣᠭᠰᠣᠭᠰᠠᠨ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠪᠣᠯᠣᠨ ᠭᠤᠣᠯ ᠪᠤᠯᠬᠤ ᠬᠦᠰᠡᠯ ᠱᠠᠭᠠᠷᠳᠠᠯᠭ᠎ᠠ ᠶᠢ ᠪᠠᠶᠢᠴᠠᠭᠠᠨ ᠣᠶᠢᠯᠠᠭᠠᠵᠤ᠂ | ᠥᠪᠡᠷᠲᠡᠭᠡᠨ ᠵᠠᠰᠠᠬᠤ ᠣᠷᠣᠨ ᠪᠣᠯᠣᠨ ᠭᠦᠭᠡᠬᠤᠲᠠ ᠶᠢᠨ ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ ᠨᠢ ᠰᠢᠢᠳᠪᠦᠷᠢᠯᠡᠬᠦ ᠬᠠᠮᠤᠭ ᠤᠨ ᠰᠢᠨ᠎ᠡ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠰᠢᠨᠵᠢᠯᠡᠬᠦ | ᠤᠬᠠᠭᠠᠨᠴᠢ ᠡᠮᠬᠢ ᠵᠢᠷᠤᠮ ᠲᠠᠢ ᠪᠠᠷ ᠬᠦᠴᠦᠨ ᠨᠡᠮᠡᠷᠢᠯᠡᠨ᠎ᠡ᠃ |