ᠬᠦᠬᠡᠬᠤᠲᠠ ᠵᠠᠰᠠᠭ ᠠᠯᠪᠠᠨ ᠲᠠᠷᠬᠠᠭᠠᠭᠰᠠᠨ〔2022〕43 ᠳ᠋ᠤᠭᠠᠷ ᠲᠣᠭᠠᠲᠤ | 2022 ᠣᠨ ᠤ 7 ᠳ᠋ᠤᠭᠠᠷ ᠰᠠᠷ᠎ᠠ ᠶᠢᠨ 19 ᠤ ᠡᠳᠦᠷ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠡ ᠳᠤ᠄ | ︽ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠤᠲᠠ ᠶᠢᠨ ᠱᠠᠲᠤ ᠬᠢᠭᠡᠳ | ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ | | | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠣᠨᠤᠪᠴᠢᠲᠠᠢ | ᠨᠠᠶᠢᠳᠠᠪᠤᠷᠢᠵᠢᠭᠤᠯᠵᠤ᠂ ︽ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ | ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ | ᠥᠪᠥᠷ ᠵᠠᠰᠠᠭ ᠠᠯᠪᠠᠨ ᠲᠠᠷᠬᠠᠭᠠᠭᠰᠠᠨ ﹇2021﹈ 75 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠪᠠᠶᠢᠭᠠᠯᠢ ᠶᠢᠨ ᠡᠬᠢ | ᠪᠠᠶᠠᠯᠢᠭ ᠤᠨ ᠬᠦᠷᠢᠶᠡᠨ ᠳᠠᠬᠢ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠣᠬᠢᠰᠲᠠᠢ ᠬᠤᠪᠢᠶᠠᠷᠢᠯᠠᠬᠤ ᠶᠢᠨ ᠲᠤᠰᠠᠳᠠ᠂ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠪᠣᠯᠣᠨ ᠲᠥᠪ ᠤᠨ | ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠣᠷᠣᠨ ᠤ ᠲᠥᠪ ᠲᠤ ᠲᠠᠯᠪᠢᠭᠰᠠᠨ ︽ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ | ᠵᠠᠰᠠᠭ ᠤᠨ ᠣᠷᠳᠣᠨ ᠤ ᠬᠤᠭᠤᠷᠣᠨᠳᠣᠬᠢ ᠠᠵᠢᠯ ᠶᠠᠪᠤᠳᠠᠯ ᠤᠨ ᠡᠷᠬᠡ ᠪᠠ ᠡᠳ᠋ ᠤᠨ ᠡᠷᠬᠡ ᠶᠢᠨ ᠬᠤᠪᠢᠶᠠᠷᠢᠯᠠᠯ ᠢ ᠰᠢᠯᠢᠳᠡᠭᠵᠢᠭᠦᠯᠵᠦ᠂ ᠡᠷᠬᠡ ᠬᠠᠷᠢᠭᠤᠴᠠᠯᠭ᠎ᠠ | ᠲᠣᠳᠣᠷᠬᠠᠢ᠂ ᠡᠳ᠋ ᠤᠨ ᠬᠦᠴᠦᠨ ᠵᠣᠬᠢᠴᠠᠩᠭᠤᠢ᠂ ᠣᠷᠣᠨ ᠪᠦᠰᠡ ᠲᠡᠩᠴᠡᠭᠦᠷᠢᠲᠡᠢ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ | ᠵᠠᠰᠠᠭ ᠤᠨ ᠬᠠᠷᠢᠴᠠᠭ᠎ᠠ ᠶᠢ ᠪᠠᠶᠢᠭᠤᠯᠵᠤ᠂ ᠵᠠᠰᠠᠭ ᠤᠨ ᠣᠷᠳᠣᠨ ᠤ ᠠᠵᠢᠯ ᠶᠠᠪᠤᠳᠠᠯ ᠤᠨ ᠡᠷᠬᠡ᠂ ᠵᠠᠷᠤᠯᠭ᠎ᠠ ᠶᠢᠨ ᠬᠠᠷᠢᠭᠤᠴᠠᠯᠭ᠎ᠠ ᠪᠠ ᠡᠳ᠋ ᠤᠨ ᠬᠦᠴᠦᠨ | ᠬᠠᠷᠢᠯᠴᠠᠨ ᠵᠣᠬᠢᠴᠠᠯᠳᠤᠭᠰᠠᠨ ᠲᠣᠭᠲᠠᠪᠤᠷᠢᠲᠠᠢ ᠳᠦᠷᠢᠮ ᠢ ᠪᠤᠢ ᠪᠣᠯᠭᠠᠵᠤ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ | ᠠᠰᠢᠭᠯᠠᠬᠤ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠯᠡᠷᠡᠭᠦᠯᠦᠭᠰᠡᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ | ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠲᠤ ᠴᠤᠭᠴᠠᠯᠠᠬᠤ ᠳᠤ ᠣᠷᠣᠨ ᠤ ᠲᠥᠪ ᠤᠨ ᠬᠦᠴᠦᠨ ᠴᠢᠳᠠᠯ ᠢᠶᠠᠨ ᠡᠷᠭᠦᠨ᠎ᠡ᠃ | ᠬᠤᠶᠠᠷ᠂ ᠭᠤᠣᠯ ᠠᠭᠤᠯᠭ᠎ᠠ | ︵ᠨᠢᠭᠡ︶ ᠪᠠᠶᠢᠭᠠᠯᠢ ᠶᠢᠨ ᠡᠬᠢ ᠪᠠᠶᠠᠯᠢᠭ ᠤᠨ ᠪᠠᠶᠢᠴᠠᠭᠠᠯᠲᠠ ᠬᠢᠨᠠᠨ ᠬᠡᠮᠵᠢᠯᠲᠡ᠂ ᠰᠠᠭᠤᠷᠢ ᠬᠡᠮᠵᠢᠨ ᠵᠢᠷᠤᠭᠯᠠᠯᠲᠠ᠃ | ᠬᠤᠲᠠ ᠶᠢᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠬᠦᠯᠬᠦ᠂ ᠪᠠᠶᠢᠭᠠᠯᠢ ᠶᠢᠨ | ᠡᠬᠢ ᠪᠠᠶᠠᠯᠢᠭ ᠤᠨ ᠪᠠᠶᠢᠴᠠᠭᠠᠯᠲᠠ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠢᠭᠡᠳ ᠠᠵᠢᠯᠯᠠᠭᠤᠯᠵᠤ ᠬᠠᠮᠠᠭᠠᠯᠠᠬᠤ᠂ | ᠰᠠᠭᠤᠷᠢ ᠬᠡᠮᠵᠢᠨ ᠵᠢᠷᠤᠭᠯᠠᠯᠲᠠ ᠪᠠ ᠭᠠᠵᠠᠷ ᠵᠦᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠂ ᠴᠢᠬᠤᠯᠠ ᠶᠡᠭᠡ ᠬᠡᠮᠵᠢᠨ ᠵᠢᠷᠤᠭᠯᠠᠯᠲᠠ ᠭᠠᠵᠠᠷ ᠵᠦᠢ ᠶᠢᠨ | ᠮᠡᠳᠡᠭᠡ ᠵᠠᠩᠭᠢ ᠶᠢᠨ ᠢᠨᠵᠧᠨᠧᠷᠢᠩ ᠢ ᠵᠣᠬᠢᠶᠠᠨ ᠪᠠᠶᠢᠭᠤᠯᠵᠤ ᠬᠡᠷᠡᠭᠵᠢᠬᠦᠯᠬᠦ᠂ ᠥᠨᠳᠥᠷ ᠲᠣᠳᠤᠷᠠᠴᠠ ᠲᠠᠢ ᠠᠯᠤᠰ ᠰᠡᠷᠡᠯ ᠤᠨ ᠰᠡᠭᠦᠳᠡᠷ ᠲᠦᠷᠰᠦ ᠶᠢᠨ | ᠬᠠᠮᠢᠶᠠᠷᠤᠯᠲᠠ᠂ ᠬᠤᠲᠠ ᠶᠢᠨ ᠬᠡᠪᠴᠢᠶᠡᠨ ᠳᠠᠬᠢ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠭᠤᠣᠯᠳᠠᠯᠭ᠎ᠠ ᠲᠠᠢ ᠣᠷᠣᠨ ᠪᠦᠰᠡ ᠶᠢᠨ ᠬᠢᠨᠠᠨ ᠬᠡᠮᠵᠢᠯᠲᠡ᠂ | ᠰᠠᠭᠤᠷᠢ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠭᠸᠥᠯᠥᠭᠢ ᠶᠢᠨ ᠪᠠᠶᠢᠴᠠᠭᠠᠯᠲᠠ᠂ ᠬᠡᠮᠵᠢᠨ ᠵᠢᠷᠤᠬᠤ | ᠣᠷᠣᠨ ᠵᠠᠢ ᠶᠢᠨ ᠰᠠᠭᠤᠷᠢ ᠪᠠᠷᠢᠮᠵᠢᠶ᠎ᠠ ᠶᠢ ᠪᠠᠶᠢᠭᠤᠯᠬᠤ ᠪᠠ ᠬᠠᠮᠠᠭᠠᠯᠠᠬᠤ᠂ ᠦᠨᠳᠦᠰᠦᠨ ᠬᠠᠷᠢᠴᠠᠭᠠᠲᠤ ᠱᠤᠭᠤᠮ ᠤᠨ ᠭᠠᠵᠠᠷ ᠤᠨ ᠪᠠᠶᠢᠴᠠ ᠶᠢᠨ ᠵᠢᠷᠤᠭ ︵ | ᠬᠤᠳᠠ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠤᠨ ᠳᠣᠲᠣᠷᠠᠬᠢ 1᠄ 500 ᠶᠢᠨ ᠬᠠᠷᠢᠴᠠᠭᠠᠲᠤ ᠱᠤᠭᠤᠮ ᠤᠨ ᠭᠠᠵᠠᠷ ᠤᠨ ᠪᠠᠶᠢᠴᠠ ᠶᠢᠨ ᠵᠢᠷᠤᠭ᠂ | ᠬᠤᠰᠢᠭᠤ ᠰᠢᠶᠠᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠤᠨ 1᠄ 2000 ᠶᠢᠨ ᠭᠠᠵᠠᠷ ᠤᠨ ᠪᠠᠶᠢᠴᠠ ᠶᠢᠨ ᠵᠢᠷᠤᠭ ᠪᠠᠭᠲᠠᠨ᠎ᠠ︶᠂ ᠦᠨᠳᠦᠰᠦᠨ | ᠰᠡᠭᠦᠳᠡᠷ ᠲᠦᠷᠰᠦ ᠶᠢ ᠣᠯᠬᠤ ︵ᠬᠤᠳᠠ ᠶᠢᠨ ᠲᠡᠰ︶ ᠵᠢᠴᠢ ᠰᠠᠭᠤᠷᠢ ᠭᠠᠵᠠᠷ ᠵᠦᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠢᠭᠡᠳ | ᠬᠠᠮᠠᠭᠠᠯᠠᠯᠲᠠ ︵ᠬᠤᠳᠠ ᠶᠢᠨ ᠲᠡᠰ︶᠂ ᠬᠤᠳᠠ ᠶᠢᠨ ᠳᠡᠰ ᠤᠨ ᠴᠢᠬᠤᠯᠠ ᠶᠡᠭᠡ ᠬᠡᠮᠵᠢᠨ ᠵᠢᠷᠤᠭᠯᠠᠯᠲᠠ ᠭᠠᠵᠠᠷ ᠵᠦᠢ ᠶᠢᠨ ᠮᠡᠳᠡᠭᠡ ᠵᠠᠩᠭᠢ ᠶᠢᠨ | ᠢᠨᠵᠧᠨᠧᠷᠢᠩ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠵᠡᠷᠭᠡ ᠵᠦᠢᠯᠡᠰ ᠢ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ | ᠨᠤᠲᠠᠯᠠᠨ ᠲᠣᠭᠲᠠᠭᠠᠵᠤ᠂ ᠬᠤᠳᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠬᠦ ᠠᠵᠢᠯ ᠢ ᠵᠣᠬᠢᠶᠠᠨ | ᠪᠠᠶᠢᠭᠤᠯᠵᠤ ᠬᠡᠷᠡᠭᠵᠢᠬᠦᠯᠬᠦ᠂ ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠢᠭᠡᠳ ᠠᠵᠢᠯᠯᠠᠭᠤᠯᠵᠤ ᠬᠠᠮᠠᠭᠠᠯᠠᠬᠤ᠂ | ᠰᠠᠭᠤᠷᠢ ᠴᠢᠨᠠᠷᠲᠠᠢ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠭᠸᠥᠯᠥᠭᠢ ᠶᠢᠨ ᠪᠠᠶᠢᠴᠠᠭᠠᠯᠲᠠ᠂ ᠰᠠᠭᠤᠷᠢ ᠬᠡᠮᠵᠢᠨ | ᠵᠢᠷᠤᠭᠯᠠᠯᠲᠠ ᠪᠠ ᠭᠠᠵᠠᠷ ᠵᠦᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠂ ᠦᠨᠳᠦᠰᠦᠨ ᠰᠡᠭᠦᠳᠡᠷ ᠳᠦᠷᠰᠦ ᠶᠢ ᠣᠯᠬᠤ ︵ᠬᠤᠰᠢᠭᠤ ᠰᠢᠶᠠᠨ ᠲᠣᠭᠤᠷᠢᠭ᠂ | ᠨᠡᠭᠡᠭᠡᠯᠲᠡ ᠶᠢᠨ ᠲᠣᠭᠤᠷᠢᠭ︶ ᠵᠢᠴᠢ ᠰᠠᠭᠤᠷᠢ ᠭᠠᠵᠠᠷ ᠵᠦᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠢᠭᠡᠳ ᠬᠠᠮᠠᠭᠠᠯᠠᠯᠲᠠ ︵ᠬᠤᠰᠢᠭᠤ | ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ︶ ᠵᠡᠷᠭᠡ ᠵᠦᠢᠯᠡᠰ ᠢ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ ᠵᠠᠷᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠬᠦ ᠡᠷᠬᠡ ᠶᠢᠨ ᠬᠠᠮᠢᠶᠠᠷᠤᠯᠲᠠ᠃ | 1. ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠵᠤ ᠳᠠᠩᠰᠠᠯᠠᠬᠤ᠃ | ᠬᠤᠲᠠ ᠶᠢᠨ ᠳᠡᠰ ᠵᠢᠴᠢ ᠬᠠᠷᠢᠶ᠎ᠠ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠵᠤ ᠳᠠᠩᠰᠠᠯᠠᠬᠤ ᠮᠡᠳᠡᠭᠡ ᠵᠠᠩᠭᠢ ᠶᠢᠨ ᠰᠢᠰᠲ᠋ᠧᠮ | ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠢᠭᠡᠳ ᠠᠵᠢᠯᠯᠠᠭᠤᠯᠵᠤ ᠬᠠᠮᠠᠭᠠᠯᠠᠬᠤ᠂ | ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠪᠦᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ | ᠡᠬᠢ ᠪᠠᠶᠠᠯᠢᠭ ᠤᠨ ᠡᠷᠬᠡ ᠶᠢ ᠨᠤᠲᠠᠯᠠᠵᠤ ᠳᠠᠩᠰᠠᠯᠠᠬᠤ ᠪᠠ ᠡᠷᠬᠡ ᠶᠢᠨ ᠳᠠᠩᠰᠠ ᠶᠢᠨ ᠪᠠᠶᠢᠴᠠᠭᠠᠯᠲᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠨ ᠬᠠᠷᠢᠭᠤᠴᠠᠭᠰᠠᠨ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠪᠠ ᠡᠷᠬᠡ ᠶᠢᠨ ᠳᠠᠩᠰᠠ ᠶᠢᠨ ᠪᠠᠶᠢᠴᠠᠭᠠᠯᠲᠠ᠂ ᠬᠤᠳᠠ ᠶᠢᠨ | ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠷᠢᠭᠤᠴᠠᠭᠰᠠᠨ ᠡᠷᠬᠡ ᠶᠢᠨ ᠬᠠᠷᠢᠶ᠎ᠠ ᠶᠢᠨ ᠮᠠᠷᠭᠤᠯᠳᠤᠭᠠᠨ ᠢ ᠪᠠᠶᠢᠴᠠᠭᠠᠬᠤ᠂ ᠰᠢᠢᠳᠪᠦᠷᠢᠯᠡᠬᠦ | ᠵᠡᠷᠭᠡ ᠵᠦᠢᠯᠡᠰ ᠢ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠳᠠ ᠶᠢᠨ ᠱᠠᠲᠤᠨ ᠠᠴᠠ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠰᠢᠭᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠵᠤ ᠳᠠᠩᠰᠠᠯᠠᠬᠤ ᠮᠡᠳᠡᠭᠡ ᠵᠠᠩᠭᠢ ᠶᠢᠨ ᠰᠢᠰᠲ᠋ᠧᠮ ᠪᠠ ᠥᠯᠥ ᠬᠥᠳᠡᠯᠬᠦ | ᠬᠥᠷᠥᠩᠭᠡ ᠶᠢᠨ ᠲᠠᠩᠰᠠᠯᠠᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠢᠭᠡᠳ ᠠᠵᠢᠯᠯᠠᠭᠤᠯᠵᠤ ᠬᠠᠮᠠᠭᠠᠯᠠᠬᠤ ᠶᠢ ᠬᠤᠰᠢᠭᠤ ᠰᠢᠶᠠᠨ ᠤ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠪᠥᠬᠦ ᠠᠷᠠᠳ ᠤᠨ | ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠵᠤ ᠳᠠᠩᠰᠠᠯᠠᠬᠤ ᠪᠠ ᠡᠷᠬᠡ ᠶᠢᠨ ᠳᠠᠩᠰᠠ ᠶᠢᠨ ᠪᠠᠶᠢᠴᠠᠭᠠᠯᠲᠠ᠂ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠷᠢᠭᠤᠴᠠᠭᠰᠠᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠪᠠ ᠡᠷᠬᠡ ᠶᠢᠨ | ᠳᠠᠩᠰᠠ ᠶᠢᠨ ᠪᠠᠶᠢᠴᠠᠭᠠᠯᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠷᠢᠭᠤᠴᠠᠭᠰᠠᠨ ᠡᠷᠬᠡ ᠶᠢᠨ | ᠬᠠᠷᠢᠶ᠎ᠠ ᠶᠢᠨ ᠮᠠᠷᠭᠤᠯᠳᠤᠭᠠᠨ ᠢ ᠪᠠᠶᠢᠴᠠᠭᠠᠬᠤ᠂ ᠰᠢᠢᠳᠪᠦᠷᠢᠯᠡᠬᠦ ᠵᠡᠷᠭᠡ ᠵᠦᠢᠯᠡᠰ ᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 2. ᠪᠠᠶᠢᠭᠠᠯᠢ ᠶᠢᠨ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠬᠡᠷᠡᠭᠯᠡᠬᠦ ᠪᠠ ᠡᠷᠬᠡ ᠠᠰᠢᠭ ᠤᠨ ᠬᠠᠮᠢᠶᠠᠷᠤᠯᠲᠠ᠃ | ᠬᠤᠲᠠ ᠶᠢᠨ ᠱᠠᠲᠤᠨ ᠠᠴᠠ ᠬᠤᠲᠠ ᠶᠢᠨ ᠳᠡᠰ ᠤᠨ ᠬᠡᠪᠴᠢᠶᠡᠨ ᠳᠠᠬᠢ ᠪᠦᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠪᠣᠳᠠᠲᠤ ᠵᠦᠢᠯ ᠤᠨ ᠬᠡᠮᠵᠢᠶ᠎ᠡ ᠶᠢ ᠪᠠᠶᠢᠴᠠᠭᠠᠬᠤ ᠠᠵᠢᠯ ᠢ ᠬᠠᠷᠢᠭᠤᠴᠠᠬᠤ᠂ ᠪᠥᠬᠦ ᠬᠤᠲᠠ ᠶᠢᠨ ᠬᠡᠪᠴᠢᠶᠡᠨ ᠳᠠᠬᠢ ᠤᠯᠤᠰ ᠤᠨ ᠥᠮᠴᠢᠯᠡᠯ ᠤᠨ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠮᠡᠳᠡᠭᠦᠯᠦᠯᠲᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠤᠲᠠ ᠶᠢᠨ ᠱᠠᠲᠤᠨ ᠤ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ ᠲᠤᠰ ᠬᠠᠷᠢᠶ᠎ᠠ ᠣᠷᠣᠨ ᠤ ᠪᠠᠨ ᠬᠡᠪᠴᠢᠶᠡᠨ ᠳᠠᠬᠢ ᠪᠦᠬᠦ ᠠᠷᠠᠳ ᠤᠨ | ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠪᠣᠳᠠᠲᠤ ᠵᠦᠢᠯ ᠤᠨ ᠬᠡᠮᠵᠢᠶ᠎ᠡ ᠶᠢ ᠪᠠᠶᠢᠴᠠᠭᠠᠬᠤ ᠠᠵᠢᠯ ᠢ ᠬᠠᠷᠢᠭᠤᠴᠠᠬᠤ᠂ ᠲᠤᠰ ᠬᠠᠷᠢᠶ᠎ᠠ | ᠣᠷᠣᠨ ᠤ ᠪᠠᠨ ᠬᠡᠪᠴᠢᠶᠡᠨ ᠳᠠᠬᠢ ᠤᠯᠤᠰ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠮᠡᠳᠡᠭᠦᠯᠦᠯᠲᠡ ᠶᠢ ᠵᠣᠬᠢᠶᠠᠨ ᠪᠠᠶᠢᠭᠤᠯᠤᠨ | ᠨᠠᠶᠢᠷᠠᠭᠤᠯᠤᠨ ᠵᠣᠬᠢᠶᠠᠬᠤ ᠶᠢ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ | ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠭᠤᠷᠪᠠ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠ ᠬᠡᠷᠡᠭᠯᠡᠯᠲᠡ ᠶᠢ ᠵᠠᠬᠢᠷᠤᠨ ᠬᠠᠮᠢᠶᠠᠷᠬᠤ᠃ | 1.ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠃ | ᠪᠦᠬᠦ ᠬᠤᠲᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ᠂ ᠨᠠᠷᠢᠨ ᠲᠥᠯᠦᠪᠵᠢᠭᠦᠯᠭᠡ ᠬᠢᠭᠡᠳ ᠲᠤᠰᠬᠠᠢ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠲᠡᠭᠦᠯᠳᠡᠷᠵᠢᠬᠦᠯᠬᠦ ᠪᠠ ᠬᠢᠨᠠᠯᠲᠠ ᠲᠠᠯᠪᠢᠨ ᠬᠡᠷᠡᠭᠵᠢᠭᠦᠯᠬᠦ᠂ ᠬᠤᠲᠠ ᠶᠢᠨ ᠳᠡᠰ ᠤᠨ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠬᠢᠨᠠᠨ ᠵᠦᠪᠰᠢᠶᠡᠷᠡᠭᠦᠯᠬᠦ᠂ | ᠬᠤᠰᠢᠭᠤ ᠰᠢᠶᠠᠨ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠴᠢᠬᠤᠯᠠᠲᠠᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ | ᠲᠥᠯᠦᠪᠵᠢᠭᠦᠯᠭᠡ ᠶᠢ ᠬᠢᠨᠠᠨ ᠪᠠᠶᠢᠴᠠᠭᠠᠬᠤ᠂ ᠬᠤᠲᠠ ᠶᠢᠨ ᠳᠡᠰ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ᠂ ᠬᠤᠲᠠ ᠶᠢᠨ ᠳᠡᠰ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ | ᠬᠤᠯᠪᠤᠭᠳᠠᠯ ᠪᠦᠬᠦᠢ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠡᠷᠭᠡ ᠵᠦᠢᠯᠡᠰ ᠢ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢᠨ ᠨᠡᠭᠡᠭᠡᠨ | ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠤᠨ ᠵᠠᠭᠠᠭ ᠬᠢᠵᠠᠭᠠᠷ ᠢ ᠬᠤᠪᠢᠶᠠᠷᠢᠯᠠᠨ ᠲᠣᠭᠲᠠᠭᠠᠬᠤ᠂ ᠡᠬᠢ | ᠪᠠᠶᠠᠯᠢᠭ ᠤᠨ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠪᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠡᠭᠡᠭᠡᠨ ᠬᠥᠭᠵᠢᠭᠦᠯᠦᠯᠲᠡ ᠳᠤ | ᠲᠣᠬᠢᠷᠠᠬᠤ ᠴᠢᠨᠠᠷ ᠢ ᠦᠨᠡᠯᠡᠬᠦ ᠵᠡᠷᠭᠡ ᠵᠦᠢᠯᠡᠰ ᠢ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠠᠮᠲᠤᠪᠠᠷ ᠡᠭᠦᠷᠭᠡᠯᠡᠨ᠎ᠡ᠃ | ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠵᠢᠴᠢ ᠲᠡᠭᠦᠨ ᠠᠴᠠ ᠳᠣᠷᠣᠭᠰᠢᠬᠢ ᠡᠯ᠎ᠡ ᠲᠡᠰ ᠤᠨ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ᠂ ᠨᠠᠷᠢᠨ ᠲᠥᠯᠦᠪᠵᠢᠭᠦᠯᠭᠡ ᠵᠢᠴᠢ ᠬᠤᠯᠪᠤᠭᠳᠠᠯ ᠪᠦᠬᠦᠢ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠪᠠ ᠬᠢᠨᠠᠯᠲᠠ ᠲᠠᠯᠪᠢᠬᠤ᠂ ᠬᠤᠯᠪᠤᠭᠳᠠᠯ ᠪᠦᠬᠦᠢ ᠲᠥᠯᠦᠪᠵᠢᠭᠦᠯᠭᠡ᠂ ᠪᠠᠶᠢᠯᠳᠤᠬᠤ ᠪᠣᠳᠣᠯᠭ᠎ᠠ ᠪᠠ ᠳᠦᠷᠢᠮ ᠳᠤ ᠬᠤᠳᠠ ᠶᠢᠨ ᠱᠠᠲᠤ ᠬᠢᠭᠡᠳ | ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ ᠬᠠᠮᠲᠤᠪᠠᠷ ᠨᠠᠶᠢᠳᠠᠪᠤᠷᠢᠵᠢᠭᠤᠯᠬᠤ ᠪᠠᠷ ᠲᠣᠳᠤᠷᠬᠠᠶᠢᠯᠠᠭᠰᠠᠨ ᠡᠭᠦᠷᠭᠡ ᠵᠡᠷᠭᠡ ᠶᠢ ᠬᠤᠰᠢᠭᠤ | ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ | ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 2. ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ᠃ | ᠬᠤᠲᠠ ᠶᠢᠨ ᠱᠠᠲᠤᠨ ᠤ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢᠨ ᠵᠠᠬᠢᠷᠤᠨ | ᠬᠠᠮᠢᠶᠠᠷᠤᠯᠲᠠ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢᠨ ᠠᠰᠢᠭᠯᠠᠯᠲᠠ ᠶᠢᠨ ᠣᠨ ᠤ ᠲᠥᠯᠥᠪᠯᠡᠭᠡ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠢ ᠲᠠᠲᠠᠪᠤᠷᠢᠯᠠᠨ ᠰᠢᠯᠵᠢᠭᠦᠯᠦᠨ ᠬᠡᠷᠡᠭᠯᠡᠬᠦ ᠶᠢ ᠵᠥᠪᠰᠢᠶᠡᠷᠡᠬᠦ ᠪᠣᠳᠠᠲᠠᠢ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ᠂ ᠬᠤᠲᠠ ᠶᠢᠨ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ ᠶᠢᠨ | ᠨᠥᠯᠥᠭᠡ ᠠᠴᠠ ᠪᠣᠯᠵᠤ ᠬᠡᠷᠡᠭᠵᠢᠭᠦᠯᠦᠭᠰᠡᠨ ᠠᠮᠢ ᠠᠬᠤᠢ ᠶᠢᠨ ᠨᠥᠬᠦᠪᠦᠷᠢ ᠵᠡᠷᠭᠡ ᠵᠦᠢᠯᠡᠰ ᠢ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠬᠤᠲᠠ ᠶᠢᠨ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ᠂ ᠬᠤᠲᠠ ᠶᠢᠨ ᠱᠠᠲᠤᠨ ᠤ ᠭᠠᠵᠠᠷ ᠰᠢᠷᠣᠢ ᠶᠢᠨ ᠠᠰᠢᠭᠯᠠᠯᠲᠠ ᠶᠢᠨ ᠣᠨ ᠤ ᠲᠥᠯᠥᠪᠯᠡᠭᠡ᠂ ᠳᠡᠭᠡᠳᠦ ᠱᠠᠲᠤᠨ ᠤ | ᠵᠠᠰᠠᠭ ᠤᠨ ᠣᠷᠳᠣᠨ ᠠᠴᠠ ᠭᠠᠵᠠᠷ ᠰᠢᠷᠣᠢ ᠲᠠᠲᠠᠪᠤᠷᠢᠯᠠᠨ ᠰᠢᠯᠵᠢᠭᠦᠯᠦᠨ ᠬᠡᠷᠡᠭᠯᠡᠬᠦ ᠶᠢ ᠵᠥᠪᠰᠢᠶᠡᠷᠡᠬᠦ ᠪᠣᠳᠠᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ | ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ | ᠨᠥᠯᠥᠭᠡ ᠠᠴᠠ ᠪᠣᠯᠵᠤ ᠬᠡᠷᠡᠭᠵᠢᠭᠦᠯᠦᠭᠰᠡᠨ ᠠᠮᠢ ᠠᠬᠤᠢ ᠶᠢᠨ ᠨᠥᠬᠦᠪᠦᠷᠢ ᠵᠡᠷᠭᠡ ᠵᠦᠢᠯᠡᠰ ᠢ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠳᠥᠷᠪᠡ︶ ᠠᠮᠢ ᠠᠬᠤᠢ ᠶᠢ ᠬᠠᠮᠠᠭᠠᠯᠠᠵᠤ ᠰᠡᠷᠭᠦᠭᠡᠬᠦ᠃ | ᠠᠮᠢ ᠠᠬᠤᠢ ᠶᠢᠨ ᠠᠮᠤᠷ ᠲᠦᠪᠰᠢᠨ ᠳᠤ ᠴᠢᠬᠤᠯᠠ ᠪᠠᠲᠤᠯᠠᠭ᠎ᠠ ᠶᠢᠨ ᠦᠢᠯᠡᠳᠦᠯ ᠲᠠᠢ᠂ ᠠᠮᠢ ᠠᠬᠤᠢ ᠶᠢᠨ ᠠᠰᠢᠭ ᠭᠥᠷᠳᠡᠬᠦ ᠬᠡᠪᠴᠢᠶ᠎ᠡ ᠪᠠᠷ | ᠬᠠᠷᠢᠴᠠᠩᠭᠤᠢ ᠥᠷᠭᠡᠨ ᠭᠤᠣᠯᠳᠠᠯᠭ᠎ᠠ ᠲᠠᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ︵ᠭᠤᠣᠯᠳᠠᠭᠤ᠄ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢ | ᠬᠠᠮᠠᠭᠠᠯᠠᠵᠤ ᠰᠡᠷᠭᠦᠭᠡᠨ ᠵᠠᠰᠠᠬᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠸᠥᠯᠥᠭᠢ ᠢ | ᠪᠦᠲᠦᠭᠡᠨ ᠪᠠᠶᠢᠭᠤᠯᠬᠤ ᠪᠠ ᠬᠠᠮᠢᠶᠠᠷᠬᠤ᠂ ᠣᠶ ᠮᠣᠳᠣᠨ ᠤ ᠰᠠᠶᠢᠨ ᠡᠭᠦᠯᠳᠡᠷ ᠢ ᠪᠣᠶᠢᠵᠢᠭᠤᠯᠬᠤ᠂ ᠣᠶᠢᠵᠢᠭᠤᠯᠬᠤ᠂ ᠣᠶ ᠰᠢᠭᠤᠢ ᠶᠢ ᠠᠷᠠᠴᠢᠯᠠᠨ | ᠪᠣᠶᠢᠵᠢᠭᠤᠯᠬᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠨᠤᠲᠤᠭ ᠪᠡᠯᠴᠢᠭᠡᠷ ᠢ ᠰᠡᠷᠭᠦᠭᠡᠬᠦ᠂ ᠣᠶ ᠰᠢᠭᠤᠢ ᠨᠤᠲᠤᠭ ᠪᠡᠯᠴᠢᠭᠡᠷ ᠤᠨ ᠮᠡᠷᠭᠡᠵᠢᠯ ᠤᠨ | ᠳᠡᠯᠭᠡᠷᠡᠭᠦᠯᠦᠯᠲᠡ ᠶᠢᠨ ᠵᠢᠱᠢᠶ᠎ᠡ ᠦᠵᠡᠭᠦᠯᠬᠦ᠂ ᠪᠠᠶᠢᠭᠠᠯᠢ ᠶᠢᠨ ᠣᠶ ᠵᠢᠴᠢ ᠤᠯᠤᠰ ᠤᠨ ᠳᠡᠰ ᠤᠨ ᠨᠡᠶᠢᠲᠡ ᠶᠢᠨ ᠠᠰᠠᠷᠠᠮᠵᠢ ᠶᠢᠨ ᠣᠶ᠂ ᠣᠷᠣᠨ ᠨᠤᠲᠤᠭ ᠤᠨ | ᠨᠡᠶᠢᠲᠡ ᠶᠢᠨ ᠠᠰᠠᠷᠠᠮᠵᠢ ᠶᠢᠨ ᠣᠶ ᠶᠢ ᠬᠠᠮᠠᠭᠠᠯᠠᠵᠤ ᠬᠠᠮᠢᠶᠠᠷᠬᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ᠂ ᠨᠤᠲᠤᠭ | ᠪᠡᠯᠴᠢᠭᠡᠷ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ᠂ ᠨᠤᠭᠤ ᠭᠠᠵᠠᠷ ᠤᠨ ᠠᠮᠢ ᠠᠬᠤᠢ ᠶᠢᠨ | ᠰᠢᠰᠲ᠋ᠧᠮ ᠢ ᠰᠡᠷᠭᠦᠭᠡᠬᠦ᠂ ᠴᠦᠯ ᠤᠨ ᠠᠮᠢ ᠠᠬᠤᠢ ᠶᠢᠨ ᠰᠢᠰᠲ᠋ᠧᠮ ᠢ ᠵᠠᠰᠠᠬᠤ᠂ ᠤᠯᠤᠰ ᠬᠢᠭᠡᠳ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠡᠬᠡ | ᠬᠠᠭᠤᠷᠠᠢ ᠶᠢᠨ ᠠᠮᠢᠳᠠᠨ ᠤᠷᠭᠤᠮᠠᠯ ᠤᠨ ᠬᠠᠮᠠᠭᠠᠯᠠᠯᠲᠠ ᠶᠢᠨ ᠤᠯᠤᠰ ᠤᠨ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠲᠡᠦᠬᠡᠨ ᠠᠴᠠ | ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠸᠥᠯᠥᠭᠢ ᠢ ᠪᠦᠲᠦᠭᠡᠨ ᠪᠠᠶᠢᠭᠤᠯᠬᠤ ᠪᠠ | ᠬᠠᠮᠢᠶᠠᠷᠬᠤ᠂ ᠪᠤᠰᠤᠳ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ︶ ᠵᠡᠷᠭᠡ ᠵᠦᠢᠯᠡᠰ ᠢ ᠬᠤᠲᠠ ᠶᠢᠨ ᠱᠠᠲᠤ ᠬᠢᠭᠡᠳ ᠬᠤᠰᠢᠭᠤ | ᠰᠢᠶᠠᠨ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤ ᠬᠢᠭᠡᠳ ᠬᠤᠰᠢᠭᠤ | ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃ | ᠠᠮᠢ ᠠᠬᠤᠢ ᠶᠢᠨ ᠠᠰᠢᠭ ᠭᠥᠷᠳᠡᠬᠦ ᠬᠡᠪᠴᠢᠶᠡᠨ ᠤ ᠭᠠᠵᠠᠷ ᠣᠷᠣᠨ ᠤ ᠴᠢᠨᠠᠷ ᠢᠶᠠᠷ ᠬᠠᠷᠢᠴᠠᠩᠭᠤᠢ ᠴᠢᠩᠭ᠎ᠠ ᠪᠤᠰᠤᠳ ᠠᠮᠢ ᠠᠬᠤᠢ ᠶᠢ ᠬᠠᠮᠠᠭᠠᠯᠠᠨ | ᠰᠡᠷᠭᠦᠭᠡᠬᠦ ︵ᠭᠤᠣᠯᠳᠠᠭᠤ᠄ ᠬᠤᠰᠢᠭᠤ ᠰᠢᠶᠠᠨ ᠲᠣᠭᠤᠷᠢᠭ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠸᠥᠯᠥᠭᠢ ᠢ ᠪᠦᠲᠦᠭᠡᠨ ᠪᠠᠶᠢᠭᠤᠯᠬᠤ ᠪᠠ | ᠬᠠᠮᠢᠶᠠᠷᠬᠤ᠂ ᠴᠢᠬᠤᠯᠠ ᠠᠮᠢ ᠠᠬᠤᠢ᠂ ᠰᠢᠨᠵᠢᠯᠡᠬᠦ ᠤᠬᠠᠭᠠᠨ᠂ ᠨᠡᠶᠢᠭᠡᠮ ᠤᠨ ᠦᠨ᠎ᠡ ᠥᠷᠲᠡᠭ ᠲᠠᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ | ᠪᠠᠭᠲᠠᠨ᠎ᠠ︶ ᠵᠡᠷᠭᠡ ᠵᠦᠢᠯᠡᠰ ᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ | ᠰᠢᠶᠠᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠲᠠᠪᠤ︶ ᠪᠠᠶᠢᠭᠠᠯᠢ ᠶᠢᠨ ᠡᠬᠢ ᠪᠠᠶᠠᠯᠢᠭ ᠤᠨ ᠠᠮᠤᠷ ᠲᠦᠪᠰᠢᠨ᠃ | ᠪᠥᠬᠦ ᠬᠤᠲᠠ ᠶᠢᠨ ᠴᠢᠨᠠᠷᠲᠠᠢ ᠪᠠᠶᠢᠭᠠᠯᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠬᠠᠮᠠᠭᠠᠯᠠᠨ ᠠᠰᠢᠭᠯᠠᠬᠤ᠂ ᠠᠭᠤᠷᠬᠠᠢ ᠶᠢᠨ ᠦᠢᠯᠡᠰ ᠤᠨ | ᠡᠷᠬᠡ ᠶᠢᠨ ᠥᠷᠲᠡᠭ ᠢ ᠦᠨᠡᠯᠡᠨ ᠵᠢᠱᠢᠬᠦ ᠵᠡᠷᠭᠡ ᠵᠦᠢᠯᠡᠰ ᠢ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ | ᠲᠣᠭᠲᠠᠭᠠᠵᠤ᠂ ᠬᠤᠲᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠪᠦᠬᠦ ᠬᠤᠲᠠ ᠶᠢᠨ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠬᠠᠮᠠᠭᠠᠯᠠᠨ | ᠠᠰᠢᠭᠯᠠᠬᠤ᠂ ᠲᠠᠷᠢᠶᠠᠯᠠᠬᠤ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ᠂ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ᠂ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠤᠨ ᠬᠦᠨᠳᠦ ᠶᠡᠭᠡ ᠬᠢᠵᠢᠭ | ᠡᠪᠡᠳᠴᠢᠨ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ᠂ ᠬᠤᠲᠠ ᠶᠢᠨ ᠳᠡᠰ ᠤᠨ ᠭᠤᠣᠯᠳᠠᠯᠭ᠎ᠠ ᠲᠠᠢ ᠣᠶ ᠰᠢᠭᠤᠢ ᠨᠤᠲᠤᠭ ᠪᠡᠯᠴᠢᠭᠡᠷ ᠤᠨ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠬᠥᠭᠵᠢᠯᠲᠡ᠂ ᠠᠭᠤᠷᠬᠠᠢ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ᠂ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠤᠨ ᠬᠠᠳᠠᠭᠠᠯᠠᠭᠳᠠᠴᠠ ᠶᠢᠨ ᠬᠠᠮᠢᠶᠠᠷᠤᠯᠲᠠ ᠵᠡᠷᠭᠡ ᠵᠦᠢᠯᠡᠰ ᠢ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠬᠠᠮᠲᠤ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃ | ᠬᠤᠰᠢᠭᠤ ᠰᠢᠶᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ ᠵᠡᠷᠭᠡ ᠪᠠᠶᠢᠭᠠᠯᠢ ᠶᠢᠨ | ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠵᠦᠢᠯᠡᠰ᠂ ᠣᠷᠣᠨ ᠨᠤᠲᠤᠭ ᠤᠨ ᠣᠶ ᠰᠢᠭᠤᠢ ᠨᠤᠲᠤᠭ ᠪᠡᠯᠴᠢᠭᠡᠷ ᠤᠨ ᠳᠠᠪᠠᠭᠤᠯᠢᠭ ᠣᠨᠴᠠᠯᠢᠭᠲᠤ ᠠᠵᠤ | ᠦᠢᠯᠡᠰ ᠤᠨ ᠬᠥᠭᠵᠢᠯᠲᠡ᠂ ᠰᠢᠶᠠᠨ ᠤ ᠱᠠᠲᠤᠨ ᠤ ᠬᠡᠭᠡᠷ᠎ᠡ ᠶᠢᠨ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠵᠡᠷᠭᠡ | ᠵᠦᠢᠯᠡᠰ ᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ | ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠭᠠᠢ ᠭᠠᠮᠰᠢᠭ ᠢ ᠰᠡᠷᠭᠡᠶᠢᠯᠡᠨ ᠵᠠᠰᠠᠬᠤ᠃ | ᠪᠠᠶᠢᠭᠠᠯᠢ ᠶᠢᠨ ᠬᠦᠴᠦᠨ ᠵᠦᠢᠯ ᠠᠴᠠ ᠪᠣᠯᠤᠭᠰᠠᠨ ᠣᠨᠴᠠ ᠶᠡᠭᠡ᠂ ᠶᠡᠭᠡ ᠳᠤᠮᠳᠠ ᠭᠸᠥᠯᠥᠭᠢ ᠶᠢᠨ ᠭᠠᠮᠰᠢᠭ ᠢ ᠶᠡᠷᠦᠩᠬᠡᠶᠢᠯᠡᠨ ᠵᠠᠰᠠᠬᠤ᠂ ᠪᠥᠬᠦ | ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠬᠢᠨᠠᠯᠲᠠ | ᠲᠠᠯᠪᠢᠨ ᠵᠢᠯᠤᠭᠤᠳᠬᠤ᠂ ᠪᠥᠬᠦ ᠬᠤᠲᠠ ᠶᠢᠨ ᠨᠢᠭᠡᠳᠦᠯᠲᠡᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠥᠪ ᠠᠴᠠ ᠪᠡᠯᠡ ᠣᠷᠤᠭᠤᠯᠤᠭᠰᠠᠨ ᠣᠶ ᠰᠢᠭᠤᠢ ᠨᠤᠲᠤᠭ | ᠪᠡᠯᠴᠢᠭᠡᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ ᠣᠷᠣᠨ | ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ ᠶᠢ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ | ᠬᠤᠲᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠪᠦᠬᠦ ᠬᠤᠲᠠ ᠶᠢᠨ ᠴᠢᠨᠠᠷᠲᠠᠢ ᠭᠸᠥᠯᠥᠭᠢ ᠶᠢᠨ ᠭᠠᠮᠰᠢᠭ ᠢ ᠪᠠᠶᠢᠴᠠᠭᠠᠨ ᠦᠨᠡᠯᠡᠬᠦ᠂ ᠭᠤᠣᠯᠳᠠᠯᠭ᠎ᠠ ᠲᠠᠢ ᠣᠷᠣᠨ ᠪᠦᠰᠡ ᠶᠢᠨ ᠭᠸᠥᠯᠥᠭᠢ ᠶᠢᠨ ᠭᠠᠮᠰᠢᠭ ᠢ | ᠪᠠᠶᠢᠴᠠᠭᠠᠨ ᠦᠨᠡᠯᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠶᠡᠷᠦᠩᠬᠡᠶᠢᠯᠡᠨ ᠰᠡᠷᠭᠡᠶᠢᠯᠡᠨ ᠵᠠᠰᠠᠬᠤ ᠰᠢᠰᠲ᠋ᠧᠮᠵᠢ ᠪᠠ ᠰᠡᠷᠭᠡᠶᠢᠯᠡᠨ ᠵᠠᠰᠠᠬᠤ | ᠴᠢᠳᠠᠪᠤᠷᠢ ᠶᠢᠨ ᠪᠠᠶᠢᠭᠤᠯᠤᠯᠲᠠ ᠂ ᠪᠠᠶᠢᠭᠠᠯᠢ ᠶᠢᠨ ᠬᠦᠴᠦᠨ ᠵᠦᠢᠯ ᠠᠴᠠ ᠪᠣᠯᠤᠭᠰᠠᠨ ᠪᠠᠭ᠎ᠠ ᠬᠡᠯᠪᠡᠷᠢ ᠶᠢᠨ ᠭᠸᠥᠯᠥᠭᠢ ᠶᠢᠨ ᠭᠠᠮᠰᠢᠭ ᠢ ᠶᠡᠷᠦᠩᠬᠡᠶᠢᠯᠡᠨ ᠵᠠᠰᠠᠬᠤ | ᠂ ᠭᠸᠥᠯᠥᠭᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠯ ᠵᠢᠴᠢ ᠪᠠᠴᠢᠮ ᠪᠠᠶᠢᠳᠠᠯ ᠢ | ᠠᠷᠭᠠᠴᠠᠭᠠᠵᠤ ᠬᠡᠮᠵᠢᠨ ᠵᠢᠷᠤᠬᠤ ᠪᠠᠲᠤᠯᠠᠭ᠎ᠠ ᠶᠢᠨ ᠠᠵᠢᠯ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠨᠡᠭᠡᠭᠡᠨ ᠮᠠᠯᠲᠠᠭᠰᠠᠨ ᠠᠴᠠ ᠪᠣᠯᠤᠭᠰᠠᠨ ᠭᠠᠵᠠᠷ ᠤᠨ | ᠭᠠᠳᠠᠷᠭᠤ ᠳᠣᠷᠣᠭᠰᠢ ᠰᠠᠭᠤᠭᠰᠠᠨ ᠵᠡᠷᠭᠡ ᠭᠸᠥᠯᠥᠭᠢ ᠶᠢᠨ ᠠᠰᠠᠭᠤᠳᠠᠯ ᠢ ᠬᠢᠨᠠᠨ ᠬᠠᠮᠢᠶᠠᠷᠬᠤ᠂ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠪᠠ ᠬᠤᠳᠠ ᠶᠢᠨ | ᠱᠠᠲᠤᠨ ᠠᠴᠠ ᠳᠡᠭᠡᠭᠰᠢᠬᠢ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠡᠷᠭᠡ ᠵᠠᠩᠭᠢᠯᠠᠭ᠎ᠠ ᠶᠢᠨ ᠣᠷᠣᠨ ᠪᠦᠰᠡ ᠶᠢᠨ ᠤᠢ ᠰᠢᠭᠤᠢ ᠨᠤᠲᠤᠭ ᠪᠡᠯᠴᠢᠭᠡᠷ ᠤᠨ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠵᠦᠢᠯᠡᠰ ᠢ ᠬᠤᠳᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ ᠬᠠᠮᠲᠤ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠳᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠠᠴᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠠᠮᠳᠤᠪᠡᠷ ᠡᠭᠦᠷᠭᠡᠯᠡᠨ᠎ᠡ᠃ | ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠸᠥᠯᠥᠭᠢ ᠶᠢᠨ ᠭᠠᠮᠰᠢᠭ ᠤᠨ | ᠲᠦᠭᠰᠢᠭᠦᠷᠢ ᠶᠢ ᠪᠠᠶᠢᠴᠠᠭᠠᠬᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢᠴᠢ ᠪᠤᠰᠤᠳ ᠣᠶ ᠰᠢᠭᠤᠢ | ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠵᠦᠢᠯᠡᠰ ᠢ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠲᠤᠯᠤᠭ᠎ᠠ︶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠪᠤᠰᠤᠳ ᠵᠦᠢᠯᠡᠰ᠃ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠣᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠤᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠳᠠᠶᠢᠪᠤᠷᠢᠵᠢᠭᠤᠯᠬᠤ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠬᠤ ᠠᠵᠢᠯ᠂ | ᠡᠷᠬᠡ ᠣᠯᠭᠤᠭᠰᠠᠨ ᠨᠠᠶᠢᠳᠠᠯᠭ᠎ᠠ ᠶᠢ ᠦᠨᠳᠦᠰᠦᠯᠡᠨ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠪᠠ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠬᠦᠯᠦᠭᠰᠡᠨ ᠪᠠᠶᠢᠳᠠᠯ ᠢ ᠬᠢᠨᠠᠨ | ᠪᠠᠶᠢᠴᠠᠭᠠᠬᠤ ᠵᠡᠷᠭᠡ ᠵᠦᠢᠯᠡᠰ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠬᠤᠲᠠ ᠠᠴᠠ ᠵᠠᠬᠢᠷᠬᠤ ᠪᠠᠷ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠤᠨ | ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠬᠡᠷᠡᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠫᠠᠶᠢᠰᠠ | ᠡᠯᠭᠦᠨ ᠵᠠᠷᠯᠠᠬᠤ᠂ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠭᠠᠵᠠᠷ ᠰᠢᠷᠣᠢ ᠠᠭᠤᠷᠬᠠᠢ ᠶᠢᠨ ᠭᠠᠷᠤᠯᠲᠠ ᠶᠢᠨ ᠳᠠᠭᠠᠭᠤᠯᠢ ᠣᠳᠣᠨ ᠤ ᠭᠡᠷᠡᠯ | ᠵᠢᠷᠤᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠡᠯ᠎ᠡ ᠲᠥᠷᠥᠯ ᠤᠨ ᠲᠤᠰᠬᠠᠢ ᠰᠢᠮᠳᠠᠭᠤᠯᠤᠨ | ᠪᠠᠶᠢᠴᠠᠭᠠᠯᠲᠠ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠣᠳᠠᠲᠠᠢ ᠬᠡᠮᠵᠢᠯᠲᠡ ᠶᠢᠨ ᠵᠢᠷᠤᠭ ᠢ ᠬᠢᠨᠠᠨ ᠰᠢᠯᠭᠠᠬᠤ ᠵᠡᠷᠭᠡ ᠵᠦᠢᠯᠡᠰ᠂ ᠬᠤᠲᠠ ᠶᠢᠨ | ᠬᠠᠷᠢᠶ᠎ᠠ ᠲᠣᠭᠤᠷᠢᠭ ᠤᠨ ᠪᠤᠰᠤᠳ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠮᠳᠠᠭᠤᠯᠤᠨ ᠪᠠᠶᠢᠴᠠᠭᠠᠯᠲᠠ᠂ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠵᠡᠷᠭᠡ ᠵᠦᠢᠯᠡᠰ ᠢ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ | ᠨᠤᠲᠠᠯᠠᠨ ᠲᠣᠭᠲᠠᠭᠠᠵᠤ᠂ ᠬᠤᠲᠠ ᠶᠢᠨ ᠱᠠᠲᠤᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠲᠠ ᠶᠢᠨ ᠬᠠᠷᠢᠶ᠎ᠠ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠳᠠᠭᠠᠭᠤᠯᠢ ᠣᠳᠣᠨ ᠤ ᠭᠡᠷᠡᠯ | ᠵᠢᠷᠤᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠬᠥᠳᠡᠯᠦᠩᠭᠦᠢ ᠪᠠᠷ ᠲᠣᠭᠤᠷᠢᠨ | ᠪᠠᠶᠢᠴᠠᠭᠠᠬᠤ ᠵᠡᠷᠭᠡ ᠵᠦᠢᠯᠡᠰ ᠢ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ | ᠲᠣᠭᠤᠷᠢᠭ᠂ ᠨᠡᠭᠡᠭᠡᠯᠲᠡ ᠶᠢᠨ ᠲᠣᠭᠤᠷᠢᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠤᠯᠢ ᠴᠠᠭᠠᠵᠠ ᠬᠠᠤᠯᠢ | ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ ᠠᠵᠢᠯ ᠢ ᠨᠠᠶᠢᠳᠠᠪᠤᠷᠢᠵᠢᠭᠤᠯᠬᠤ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠬᠤᠰᠢᠭᠤ ᠰᠢᠶᠠᠨ | ᠠᠴᠠ ᠵᠠᠬᠢᠷᠬᠤ ᠪᠠᠷ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠬᠡᠷᠡᠭ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠳᠠᠭᠠᠭᠤᠯᠢ ᠣᠳᠣᠨ ᠤ ᠭᠡᠷᠡᠯ ᠵᠢᠷᠤᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠬᠡᠷᠡᠭ ᠢ ᠪᠠᠶᠢᠴᠠᠭᠠᠨ | ᠰᠢᠢᠳᠪᠦᠷᠢᠯᠡᠬᠦ᠂ ᠫᠠᠶᠢᠰᠠ ᠡᠯᠭᠦᠨ ᠵᠠᠷᠯᠠᠬᠤ᠂ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠬᠥᠳᠡᠯᠦᠩᠭᠦᠢ ᠪᠠᠷ ᠲᠣᠭᠤᠷᠢᠨ ᠪᠠᠶᠢᠴᠠᠭᠠᠬᠤ ᠵᠡᠷᠭᠡ | ᠵᠦᠢᠯᠡᠰ ᠢ ᠬᠤᠰᠢᠭᠤ ᠰᠢᠶᠠᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠬᠤᠰᠢᠭᠤ ᠰᠢᠶᠠᠨ ᠠᠴᠠ ᠵᠠᠷᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠨ᠎ᠠ᠃ | ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠪᠣᠯᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ︽ᠳᠥᠷᠪᠡᠨ ᠤᠬᠠᠮᠰᠠᠷ︾ ᠢᠶᠠᠨ ᠦᠨᠡᠨᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠦᠨ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠪᠠᠶᠢᠭᠠᠯᠢ ᠶᠢᠨ ᠡᠬᠢ ᠪᠠᠶᠠᠯᠢᠭ ᠤᠨ | ᠬᠦᠷᠢᠶᠡᠨ ᠳᠠᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠥᠭᠡᠷᠡᠴᠢᠯᠡᠯᠲᠡ ᠶᠢᠨ | ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠵᠤ ᠂ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠬᠤᠰᠢᠭᠤ | ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠲᠣᠰ ᠲᠥᠰᠥᠯ ᠳᠤ ᠲᠣᠭᠲᠠᠭᠠᠭᠰᠠᠨ ᠬᠤᠲᠠ ᠶᠢᠨ ᠱᠠᠲᠤ ᠬᠢᠭᠡᠳ ᠬᠤᠰᠢᠭᠤ ᠰᠢᠶᠠᠨ ᠲᠣᠭᠤᠷᠢᠭ ᠤᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠦᠨᠳᠦᠰᠦᠯᠡᠨ ᠲᠥᠰᠥᠪ ᠤᠨ | ᠲᠣᠬᠢᠷᠠᠭᠤᠯᠤᠯᠲᠠ ᠶᠢ ᠰᠠᠶᠢᠲᠤᠷ ᠬᠢᠵᠦ᠂ ᠵᠠᠷᠤᠯᠭ᠎ᠠ ᠶᠢᠨ ᠬᠠᠷᠢᠭᠤᠴᠠᠯᠭ᠎ᠠ ᠪᠠᠨ ᠭᠦᠢᠴᠡᠳᠬᠡᠨ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠵᠤ᠂ | ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠬᠡᠷᠡᠭᠲᠡᠢ᠃ | ︵ᠭᠤᠷᠪᠠ︶ ᠢᠵᠢ ᠪᠦᠷᠢᠳᠦᠭᠦᠯᠬᠦ ᠳᠦᠷᠢᠮ ᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠡᠯ᠎ᠡ ᠬᠤᠰᠢᠭᠤ | ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠪᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠥᠰᠥᠯ ᠤᠨ ᠱᠠᠭᠠᠷᠳᠠᠯᠭ᠎ᠠ ᠶᠣᠰᠣᠭᠠᠷ᠂ | ᠬᠠᠷᠠᠯᠲᠠ ᠡᠭᠦᠷᠭᠡ ᠪᠠ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠨᠢᠭᠡᠳᠦᠯᠲᠡᠢ | ᠲᠥᠯᠥᠪᠯᠡᠨ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠠᠵᠢᠯ ᠤᠨ ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢᠲᠡᠶ ᠶᠠᠪᠤᠭᠳᠠᠬᠤ ᠶᠢ ᠦᠨᠡᠨᠬᠦ ᠪᠠᠲᠤᠯᠠᠵᠤ᠂ ᠪᠥᠬᠦ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠪᠣᠳᠠᠲᠤ ᠠᠬᠢᠴᠠ ᠲᠠᠢ ᠪᠣᠯᠬᠤ ᠪᠠ ᠵᠢᠱᠢᠭᠰᠡᠨ ᠦᠷ᠎ᠡ ᠪᠦᠲᠦᠮᠵᠢ ᠣᠯᠬᠤ ᠶᠢ | ᠠᠬᠢᠭᠤᠯᠬᠤ ᠬᠡᠷᠡᠭᠲᠡᠢ᠃ | ᠲᠣᠰ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |