ᠬᠥᠬᠡᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠤᠨ ᠳᠡᠭᠡᠭᠰᠢᠯᠡᠯᠲᠡ ᠦᠷ᠎ᠡ ᠠᠰᠢᠭ ᠤᠨ ᠨᠡᠮᠡᠭᠳᠡᠯ ᠢ ᠠᠬᠢᠭᠤᠯᠬᠤ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/12/22
          ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈ 45 ᠳ᠋ᠤᠭᠠᠷ ᠲᠣᠭᠠᠲᠤ               2022 ᠣᠨ ᠤ 7 ᠳ᠋ᠤᠭᠠᠷ ᠰᠠᠷ᠎ᠠ ᠶᠢᠨ 22 ᠤᠨ ᠡᠳᠦᠷ  ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠬᠥᠬᠡᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠤᠨ ᠳᠡᠭᠡᠭᠰᠢᠯᠡᠯᠲᠡ ᠦᠷ᠎ᠡ ᠠᠰᠢᠭ ᠤᠨ ᠨᠡᠮᠡᠭᠳᠡᠯ ᠢ ᠠᠬᠢᠭᠤᠯᠬᠤ ᠠᠵᠢᠯ ᠤᠨ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ2022 ᠣᠨ ᠤ 7 ᠳ᠋ᠤᠭᠠᠷ ᠰᠠᠷ᠎ᠠ ᠶᠢᠨ 22 ᠤᠨ ᠡᠳᠦᠷᠬᠥᠬᠡᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠤᠨ ᠳᠡᠭᠡᠭᠰᠢᠯᠡᠯᠲᠡ ᠦᠷ᠎ᠡ ᠠᠰᠢᠭ ᠤᠨ ᠨᠡᠮᠡᠭᠳᠡᠯ ᠢ ᠠᠬᠢᠭᠤᠯᠬᠤ ᠠᠵᠢᠯ ᠤᠨ ᠲᠥᠰᠥᠯ      ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢ ᠦᠨᠡᠨᠬᠦ ᠲᠦᠷᠭᠡᠳᠬᠡᠵᠦ᠂ ᠪᠦᠭᠦᠳᠡ ᠣᠯᠠᠨ ᠢᠶᠠᠷ ᠢᠶᠠᠨ ᠦᠢᠯᠡᠰ ᠴᠣᠭᠴᠠᠯᠠᠵᠤ  ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠤᠨ᠂ ᠰᠢᠯᠢᠳᠡᠭ ᠦᠢᠯᠡᠴᠢᠯᠡᠭᠡ ᠪᠠᠷ ᠪᠡᠯᠡ ᠣᠷᠣᠭᠤᠯᠤᠨ ᠦᠢᠯᠡᠰ ᠬᠥᠭᠵᠢᠭᠦᠯᠬᠦ ᠳᠤ ᠲᠥᠬᠦᠮ ᠦᠵᠡᠭᠦᠯᠵᠦ᠂ ᠶᠠᠰᠤ ᠴᠢᠨᠠᠷ ᠤᠨ ᠳᠡᠭᠡᠭᠰᠢᠯᠡᠯᠲᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ  ᠶᠡᠬᠡᠪᠡᠷ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠦᠷᠭᠦᠯᠵᠢᠯᠡᠨ ᠬᠥᠭᠵᠢᠭᠡᠵᠦ᠂ ᠬᠥᠬᠡᠬᠤᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠬᠠᠩᠭᠠᠨ᠎ᠠ᠃      ᠬᠤᠶᠠᠷ᠂ ᠬᠥᠭᠵᠢᠯᠲᠡ ᠶᠢᠨ ᠬᠠᠷᠠᠯᠲᠠ      ︽ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ  ᠠᠵᠢᠯᠯᠠᠭᠠᠨ ᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 4 ᠳ᠋ᠦ᠋ᠭᠡᠷ ᠲᠣᠭᠠᠲᠤ︶ ︽︿ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠯ﹀ ᠢ ᠨᠠᠶᠢᠳᠠᠪᠤᠷᠢᠵᠢᠭᠤᠯᠬᠤ ᠲᠤᠬᠠᠢ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠷᠡᠭᠵᠢᠭᠦᠯᠬᠦ ᠲᠥᠰᠥᠯ︾ ︵ᠬᠥᠬᠡᠬᠤᠲᠠ ᠪᠠᠶᠢᠩᠭᠤ ᠲᠠᠷᠬᠠᠭᠠᠭᠰᠠᠨ  ﹇2021﹈ 17 ᠳ᠋ᠤᠭᠠᠷ ᠲᠣᠭᠠᠲᠤ︶ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠯᠦᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈ 16 ᠳ᠋ᠤᠭᠠᠷ ᠲᠣᠭᠠᠲᠤ︶ ᠪᠠ ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠬᠦᠴᠢᠷᠳᠡᠯ ᠢ ᠰᠢᠢᠳᠪᠦᠷᠢᠯᠡᠬᠦ  ᠠᠴᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠡᠶᠢᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠳᠥᠭᠦᠮ ᠳᠥᠲᠡ ᠥᠨᠳᠥᠷ ᠪᠦᠲᠦᠮᠵᠢᠲᠡᠶ ᠬᠤᠳᠠᠯᠳᠤᠭ᠎ᠠ  ᠡᠷᠬᠢᠯᠡᠬᠦ ᠣᠷᠴᠢᠨ ᠨᠥᠬᠦᠴᠡᠯ᠂ ᠲᠥᠪ ᠭᠤᠣᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠲᠢᠭᠯᠢᠮ᠂ ᠲᠣᠭᠲᠠᠭᠤᠨ ᠵᠢᠱᠢᠵᠦ ᠪᠣᠯᠬᠤᠶᠢᠴᠠ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠦᠷᠭᠦᠯᠵᠢᠯᠡᠨ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠦᠨ᠎ᠡ᠃ ᠬᠥᠬᠡᠬᠤᠲᠠ ᠶᠢᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ ︽2022 ᠣᠨ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ 7 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ︾ ᠬᠠᠷᠠᠯᠲᠠ ᠶᠢ ᠪᠡᠶᠡᠯᠡᠭᠦᠯᠦᠨ᠎ᠡ᠃      ᠭᠤᠷᠪᠠ᠂ ᠭᠤᠣᠯᠳᠠᠯᠭ᠎ᠠ ᠲᠠᠢ ᠡᠭᠦᠷᠭᠡ      ︵ᠨᠢᠭᠡ︶ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠰᠢᠯᠢᠳᠡᠭᠵᠢᠭᠦᠯᠦᠨ᠎ᠡ      1. ︽ᠬᠤᠷᠢᠭ᠎ᠠ ᠦᠭᠡᠢ ᠪᠣᠯ ᠪᠦᠬᠦᠨ ᠢ ᠵᠦᠪᠰᠢᠶᠡᠷᠡᠬᠦ︾ ᠶᠢ ᠪᠡᠶᠡᠯᠡᠭᠦᠯᠦᠨ᠎ᠡ᠃ ᠪᠦᠬᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ ᠶᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ︽ᠬᠠᠤᠯᠢ ᠳᠤ ᠴᠠᠭᠠᠵᠠᠯᠠᠭᠰᠠᠨ ᠦᠭᠡᠢ ᠶᠢ ᠪᠦᠬᠦᠨ ᠢ ᠬᠢᠵᠦ ᠪᠣᠯᠬᠤ︾ ᠶᠢ ᠡᠷᠡᠰ ᠪᠡᠶᠡᠯᠡᠭᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠢᠴᠢ ᠪᠤᠰᠤᠳ ᠬᠤᠲᠠ ᠶᠢᠨ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠃ ᠨᠢᠭᠡᠳᠦᠭᠡᠷ ᠲᠤ ᠵᠢᠭᠰᠠᠭᠠᠭᠰᠠᠨ ᠨᠢ ᠲᠦᠷᠦᠭᠦᠯᠡᠬᠦ ᠨᠢᠭᠡᠴᠡ ᠪᠣᠯᠣᠨ᠎ᠠ᠂ ᠳᠣᠷᠣᠭᠰᠢ ᠠᠳᠠᠯᠢ︶       2. ᠠᠵᠤ ᠠᠬᠤᠶᠢᠯᠠᠯ ᠨᠡᠭᠡᠭᠡᠨ ᠡᠷᠭᠢᠯᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠥᠬᠦ ᠬᠤᠲᠠ ᠶᠢᠨ ᠠᠵᠤ ᠠᠬᠤᠶᠢᠯᠠᠯ ᠨᠡᠭᠡᠭᠡᠨ ᠡᠷᠭᠢᠯᠡᠬᠦ ᠴᠤᠪᠤᠷᠠᠯ᠂ ᠮᠠᠲ᠋ᠧᠷᠢᠶᠠᠯ᠂ ᠬᠤᠭᠤᠴᠠᠭ᠎ᠠ ᠶᠢ ᠨᠢᠭᠡᠳᠦᠯᠲᠡᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠨ ᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠲᠤᠭ᠎ᠠ ᠪᠠᠷᠢᠮᠲᠠ ᠶᠢᠨ ᠴᠢᠳᠠᠮᠵᠢ ᠳᠤ ᠲᠦᠰᠢᠭᠯᠡᠨ᠂ ᠰᠦᠯᠵᠢᠶᠡᠨ ᠳᠡᠭᠡᠷ᠎ᠡ ᠵᠢᠯᠣᠭᠤᠳᠤᠨ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠬᠢᠷᠢ  ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠢᠴᠢ ᠳᠡᠩᠰᠡᠯᠡᠨ ᠲᠡᠮᠳᠡᠭᠯᠡᠬᠦ ᠰᠢᠰᠲ᠋ᠧᠮ ᠢ ᠲᠠᠰ ᠳᠡᠪᠰᠢᠭᠦᠯᠬᠦ ᠳᠤ ᠲᠦᠰᠢᠭᠯᠡᠨ᠂ ︽ᠨᠢᠭᠡ ᠳᠡᠯᠭᠡᠴᠡ ᠪᠠᠷ ᠭᠦᠢᠴᠡᠳᠬᠡᠬᠦ᠂ ᠲᠤᠬᠠᠢ ᠶᠢᠨ ᠲᠠᠯᠠᠪᠤᠷ ᠲᠤᠨᠢ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠬᠤ ᠳᠤ 7x24 ᠴᠠᠭ ᠤᠨ ᠡᠭᠦᠳᠡ ᠬᠠᠭᠠᠬᠤ ᠦᠭᠡᠢ ︽ᠴᠠᠭ ᠲᠤᠬᠠᠢ ᠳᠤᠨᠢ ᠭᠦᠢᠴᠡᠳᠬᠡᠬᠦ︾ ᠦᠢᠯᠡᠴᠢᠯᠡᠭᠡ ᠬᠠᠩᠭᠠᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      3. ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠬᠡᠷᠡᠭᠯᠡᠯᠲᠡ ᠶᠢᠨ ᠪᠠᠶᠢᠳᠠᠯ ᠢ ᠥᠷᠭᠡᠳᠬᠡᠨ᠎ᠡ᠃ ᠪᠥᠬᠦ ᠬᠤᠲᠠ ᠶᠢᠨ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠬᠡᠷᠡᠭᠯᠡᠯᠲᠡ ᠶᠢᠨ ᠰᠢᠰᠲ᠋ᠧᠮ ᠢ ᠪᠠᠶᠢᠭᠤᠯᠵᠤ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠬᠠᠤᠯᠢ ᠶᠣᠰᠣᠨ ᠤ ᠬᠦᠴᠦᠨ ᠪᠦᠬᠦᠢ ᠪᠡᠶ᠎ᠡ ᠶᠢᠨ  ᠭᠠᠷᠤᠯ ᠤᠨ ᠭᠡᠷᠡᠴᠢᠯᠡᠯ ᠪᠠ ᠡᠯᠧᠺᠲᠷᠣᠨ ᠭᠠᠷ ᠤᠨ ᠥᠰᠥᠭ ᠵᠢᠷᠤᠬᠤ ᠠᠷᠭ᠎ᠠ ᠪᠠᠷᠢᠯ ᠪᠣᠯᠭᠠᠨ᠎ᠠ᠃ ᠡᠯᠧᠺᠲᠷᠣᠨ ᠡᠵᠡᠩᠨᠡᠯᠲᠡ ᠶᠢᠨ ᠦᠨᠡᠮᠯᠡᠯ ᠪᠠ ᠡᠯᠧᠺᠲᠷᠣᠨ ᠲᠠᠮᠠᠭ᠎ᠠ ᠶᠢ ᠵᠡᠷᠭᠡᠪᠡᠷ ᠣᠯᠭᠤᠬᠤ ᠶᠢ ᠠᠬᠢᠭᠤᠯᠵᠤ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠪᠠ ᠡᠯᠧᠺᠲᠷᠣᠨ ᠲᠠᠮᠠᠭ᠎ᠠ ᠶᠢᠨ ᠬᠠᠮᠢᠶᠠᠷᠤᠯᠲᠠ ᠬᠡᠷᠡᠭᠯᠡᠯᠲᠡ ᠶᠢᠨ ᠰᠢᠰᠲ᠋ᠧᠮ ᠢ ᠪᠠᠶᠢᠭᠤᠯᠵᠤ᠂ ᠭᠠᠵᠠᠷ ᠣᠷᠣᠨ ᠠᠯᠤᠰᠯᠠᠨ ᠬᠠᠷᠢᠯᠴᠠᠨ ᠮᠡᠳᠡᠷᠡᠵᠦ ᠬᠠᠷᠢᠯᠴᠠᠨ ᠨᠡᠪᠲᠡᠷᠡᠯᠴᠡᠵᠦ ᠬᠠᠷᠢᠯᠴᠠᠨ ᠬᠡᠷᠡᠭᠯᠡᠬᠦ ᠪᠠ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠵᠡᠷᠭᠡ ᠣᠯᠠᠨ ᠠᠬᠤᠢ ᠪᠠᠶᠢᠳᠠᠯ ᠳᠠᠬᠢ ᠬᠡᠷᠡᠭᠯᠡᠯᠲᠡ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠡᠯᠧᠺᠲᠷᠣᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠰᠲ᠋ᠧᠮ ᠪᠠ ᠪᠠᠶᠢᠴᠠᠭᠠᠨ ᠯᠠᠪᠯᠠᠬᠤ ᠰᠢᠰᠲ᠋ᠧᠮ ᠢ ᠪᠠᠶᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ︶      4. ︽ᠳᠤᠲᠠᠭᠤ ᠲᠣᠷᠭᠤᠨ ᠢ ᠭᠥᠯᠢᠶᠡᠨ ᠠᠪᠴᠤ ᠰᠢᠢᠳᠪᠦᠷᠢᠯᠡᠬᠦ︾ ᠶᠢ ᠬᠡᠷᠡᠭᠵᠢᠭᠦᠯᠦᠨ᠎ᠡ᠃ ᠦᠨᠳᠦᠰᠦᠨ ᠨᠥᠬᠦᠴᠡᠯ ᠪᠦᠷᠢᠳᠦᠭᠰᠡᠨ᠂ ᠭᠤᠶᠤᠴᠢᠯᠠᠬᠤ ᠭᠤᠣᠯ ᠮᠠᠲ᠋ᠧᠷᠢᠶᠠᠯ ᠨᠢ ᠪᠦᠷᠢᠨ ᠭᠦᠢᠴᠡᠳ ᠪᠥᠭᠡᠳ ᠬᠠᠤᠯᠢ ᠳᠤ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠪᠣᠯᠪᠠᠴᠤ ᠳᠡᠳ᠋ᠯᠡᠬᠦ ᠨᠥᠬᠦᠴᠡᠯ ᠪᠤᠶᠤ ᠭᠤᠶᠤᠴᠢᠯᠠᠬᠤ ᠮᠠᠲ᠋ᠧᠷᠢᠶᠠᠯ ᠨᠢ ᠳᠤᠲᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ᠂ ᠭᠤᠶᠤᠴᠢᠯᠠᠭᠴᠢ ᠠᠴᠠ ᠵᠣᠬᠢᠬᠤ ᠠᠮᠠᠯᠠᠯᠲᠠ ᠬᠢᠭᠰᠡᠨ ᠤ ᠳᠠᠷᠠᠭ᠎ᠠ᠂ ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠬᠢᠨᠠᠨ ᠬᠠᠷᠭᠤᠭᠤᠯᠬᠤ ᠠᠵᠢᠯ ᠢ ᠥᠷᠨᠢᠭᠦᠯᠵᠦ ᠪᠣᠯᠣᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      5. ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠨ ᠤ ᠮᠡᠳᠡᠭᠦᠯᠦᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠲᠡᠮᠳᠡᠭᠯᠡᠬᠦ ᠴᠢᠳᠠᠮᠵᠢ ᠶᠢ ᠰᠦᠯᠵᠢᠶᠡᠨ ᠳᠤ ᠣᠷᠣᠭᠤᠯᠵᠤ᠂ ᠸᠢᠴᠠᠲ ᠤᠨ ᠣᠨ ᠤ ᠮᠡᠳᠡᠭᠦᠯᠦᠯᠲᠡ ᠶᠢᠨ ᠵᠢᠵᠢᠭ ᠫᠷᠣᠭ᠍ᠷᠠᠮ ᠢ ᠨᠡᠭᠡᠭᠡᠨ᠎ᠡ᠃ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ︽ᠣᠯᠠᠨ ᠮᠡᠳᠡᠭᠦᠯᠦᠯᠲᠡ ᠶᠢ ᠨᠡᠶᠢᠯᠡᠭᠦᠯᠦᠨ ᠨᠢᠭᠡ ᠪᠣᠯᠭᠠᠬᠤ︾ ᠶᠢ ᠦᠷᠭᠦᠯᠵᠢᠯᠡᠨ ᠠᠬᠢᠭᠤᠯᠵᠤ᠂ ᠣᠯᠠᠨ ᠲᠠᠯ᠎ᠠ ᠠᠴᠠ ᠮᠡᠳᠡᠭᠦᠯᠦᠨ ᠬᠦᠷᠭᠡᠬᠦ ᠠᠴᠠ ᠵᠠᠶᠢᠯᠠᠰᠬᠢᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      6. ᠳᠦᠭᠦᠮᠬᠡᠨ ᠬᠦᠴᠦᠨ ᠦᠭᠡᠢ ᠪᠣᠯᠭᠠᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠢ ᠬᠦᠴᠦᠨ ᠦᠭᠡᠢ ᠪᠣᠯᠭᠠᠬᠤ ︽ᠨᠢᠭᠡ ᠰᠦᠯᠵᠢᠶ᠎ᠡ ᠪᠠᠷ ᠨᠡᠪᠲᠡᠷᠡᠬᠦ︾ ᠲᠠᠪᠴᠠᠩ ᠳᠤ ᠲᠦᠰᠢᠭᠯᠡᠨ᠂ ᠮᠡᠳᠡᠭᠡ ᠵᠠᠩᠭᠢ ᠶᠢ ᠬᠠᠮᠲᠤᠪᠠᠷ ᠬᠡᠷᠡᠭᠯᠡᠬᠦ ᠪᠠᠷ ᠳᠠᠮᠵᠢᠭᠤᠯᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ  ᠳᠠᠩᠰᠠᠯᠠᠯᠲᠠ᠂  ᠵᠦᠪᠰᠢᠶᠡᠷᠡᠯ᠂ ᠭᠠᠶᠢᠯᠢ ᠳᠤ  ᠬᠤᠯᠪᠤᠭᠳᠠᠭᠰᠠᠨ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠣᠯᠵᠤ᠂ ᠳᠦᠭᠦᠮᠬᠡᠨ ᠬᠦᠴᠦᠨ ᠦᠭᠡᠢ ᠪᠣᠯᠭᠠᠬᠤ ᠪᠠᠷ ᠭᠤᠶᠤᠴᠢᠯᠠᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠤᠷᠢᠳᠴᠢᠯᠠᠨ ᠪᠠᠶᠢᠴᠠᠭᠠᠯᠲᠠ ᠬᠢᠵᠦ᠂ ᠬᠦᠴᠦᠨ ᠦᠭᠡᠢ ᠪᠣᠯᠭᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠂ ︽  ᠵᠣᠭᠰᠣᠩᠭᠤᠶᠢᠷᠠᠭᠰᠠᠨ︾ ᠠᠵᠤ ᠠᠬᠤᠶᠢᠯᠠᠯ ᠤᠨ ᠤᠬᠤᠷᠢᠨ ᠭᠠᠷᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ︵ᠬᠤᠶᠠᠷ︶ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ      7. ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠲᠦᠷᠭᠡᠳᠬᠡᠨ᠎ᠡ᠃ ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢᠨ ᠦᠨᠡᠯᠡᠯᠲᠡ ᠶᠢᠨ ᠨᠠᠷᠢᠨ ᠳᠦᠷᠢᠮ ᠢ ᠲᠣᠭᠲᠠᠭᠠᠵᠤ᠂ ᠦᠨᠡᠯᠡᠨ ᠵᠢᠱᠢᠵᠦ ᠬᠢᠨᠠᠨ ᠰᠢᠯᠭᠠᠬᠤ ᠤᠬᠠᠭᠤᠯᠭ᠎ᠠ ᠶᠢ ᠴᠢᠩᠭᠠᠳᠬᠠᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ ᠨᠠᠷᠢᠯᠢᠭᠵᠢᠭᠤᠯᠤᠨ᠎ᠠ᠃ ᠮᠡᠳᠡᠭᠳᠡᠵᠦ ᠠᠮᠠᠯᠠᠭᠤᠯᠬᠤ ᠳᠦᠷᠢᠮ ᠤᠨ ᠬᠢᠨᠠᠨ ᠵᠥᠪᠰᠢᠶᠡᠷᠡᠯ ᠢ ᠵᠢᠷᠤᠮᠵᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠨᠢᠭᠡ ᠴᠤᠭᠴᠠᠵᠢᠭᠰᠠᠨ ᠦᠢᠯᠡᠴᠢᠯᠡᠭᠡ ᠶᠢ ᠭᠦᠨᠵᠡᠭᠡᠢ ᠠᠭᠤᠰᠤᠯᠴᠠᠭᠤᠯᠵᠤ᠂ ᠥᠭᠡᠷᠡᠴᠢᠯᠡᠯᠲᠡ ᠶᠢᠨ ᠬᠠᠮᠤᠷᠬᠤ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠨ᠎ᠡ᠃ ︽ᠬᠤᠶᠠᠷ ᠢ ᠮᠡᠳᠡᠭᠳᠡᠬᠦ︾ ᠭᠠᠷᠴᠠᠭ ᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠵᠠᠰᠠᠭ ᠤᠨ ᠣᠷᠳᠣᠨ ᠤ ᠪᠤᠰᠤᠳ ᠰᠠᠯᠠᠭ᠎ᠠ ᠮᠥᠴᠢᠷ ᠲᠤ ᠢᠳᠡᠪᠬᠢᠲᠡᠢ ᠪᠠᠷ ᠬᠦᠷᠭᠡᠨ ᠥᠭᠴᠦ ᠬᠠᠮᠲᠤᠪᠠᠷ ᠬᠡᠷᠡᠭᠯᠡᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠢᠴᠢ ᠪᠤᠰᠤᠳ ᠡᠯ᠎ᠡ ᠬᠠᠮᠢᠶ᠎ᠠ ᠪᠦᠬᠦᠢ ᠨᠢᠭᠡᠴᠡ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      8. ᠰᠠᠭᠤᠭ᠎ᠠ ᠭᠠᠵᠠᠷ ᠡᠵᠡᠩᠨᠡᠯᠲᠡ ᠶᠢᠨ ᠲᠠᠯᠠᠪᠤᠷ ᠭᠠᠵᠠᠷ ᠤᠨ ᠳᠠᠩᠰᠠᠯᠠᠬᠤ ᠨᠥᠬᠦᠴᠡᠯ ᠢ ᠪᠥᠬᠦ ᠲᠠᠯ᠎ᠠ ᠪᠠᠷ ᠠᠭᠤᠵᠢᠭᠤ ᠲᠠᠯᠪᠢᠵᠤ᠂ ︽ᠨᠢᠭᠡ ᠬᠠᠶ᠋ᠢᠭ ᠲᠤ ᠣᠯᠠᠨ ᠦᠨᠡᠮᠯᠡᠯ ᠲᠠᠢ ᠪᠠᠶᠢᠬᠤ︾ ᠶᠢ ᠬᠡᠷᠡᠭᠵᠢᠭᠦᠯᠦᠨ᠂ ᠠᠳᠠᠯᠢ ᠨᠢᠭᠡ ᠬᠠᠶ᠋ᠢᠭ ᠢ ᠣᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠯᠪᠠᠯᠠᠨ ᠬᠠᠷᠢᠯᠴᠠᠬᠤ ᠂ ᠪᠣᠳᠠᠲᠠᠢ ᠡᠵᠡᠩᠨᠡᠯᠲᠡ ᠶᠢᠨ ᠬᠠᠶ᠋ᠢᠭ ᠪᠣᠯᠭᠠᠬᠤ ᠶᠢ ᠵᠥᠪᠰᠢᠶᠡᠷᠡᠵᠦ᠂ ᠠᠳᠠᠯᠢ ᠨᠢᠭᠡ ᠬᠠᠶ᠋ᠢᠭ ᠲᠤ ᠮᠥᠨ ᠬᠦ ᠬᠦᠴᠦᠨ ᠦᠭᠡᠢ ᠪᠣᠯᠭᠠᠭᠠᠳᠤᠢ ᠭᠤᠣᠯ ᠴᠣᠭᠴᠠ ᠲᠠᠢ ᠪᠠᠶᠢᠬᠤ ᠪᠠᠷ ᠰᠢᠯᠲᠠᠭ ᠪᠣᠯᠭᠠᠵᠤ ᠳᠠᠩᠰᠠᠯᠠᠭᠤᠯᠬᠤ ᠶᠢ ᠲᠡᠪᠴᠢᠵᠦ ᠪᠣᠯᠬᠤ ᠦᠭᠡᠢ᠃ ᠰᠠᠭᠤᠭ᠎ᠠ ᠭᠠᠵᠠᠷ ︵ᠡᠵᠡᠩᠨᠡᠯᠲᠡ ᠶᠢᠨ ᠲᠠᠯᠠᠪᠤᠷ ᠭᠠᠵᠠᠷ︶ ᠤᠨ ᠮᠡᠳᠡᠭᠳᠡᠵᠦ ᠠᠮᠠᠯᠠᠭᠤᠯᠬᠤ ᠳᠦᠷᠢᠮ ᠤᠨ ᠳᠠᠩᠰᠠᠯᠠᠯᠲᠠ ᠶᠢᠨ ᠵᠠᠭᠪᠤᠷ ᠢ ᠲᠤᠷᠰᠢᠨ ᠬᠡᠷᠡᠭᠵᠢᠭᠦᠯᠵᠦ᠂ ᠭᠡᠷ ᠪᠠᠶᠢᠰᠢᠩ᠂ ᠲᠠᠯᠠᠪᠤᠷ ᠭᠠᠵᠠᠷ ᠤᠨ ᠳᠠᠩᠰᠠᠯᠠᠯᠲᠠ ᠶᠢᠨ ᠮᠡᠳᠡᠭᠡ ᠵᠠᠩᠭᠢ ᠶᠢ ᠣᠨᠣᠪᠴᠢᠲᠠᠶ ᠣᠯᠵᠤ ᠮᠡᠳᠡᠬᠦ ᠶᠢᠨ ᠠᠷᠭ᠎ᠠ ᠦᠭᠡᠢ ᠬᠠᠶ᠋ᠢᠭ ᠲᠤ ᠮᠡᠳᠡᠭᠳᠡᠵᠦ ᠠᠮᠠᠯᠠᠭᠤᠯᠬᠤ ᠳᠦᠷᠢᠮ ᠤᠨ ᠳᠠᠩᠰᠠᠯᠠᠯᠲᠠ ᠶᠢᠨ ᠠᠷᠭ᠎ᠠ ᠮᠠᠶ᠋ᠢᠭ ᠢ ᠠᠪᠴᠤ᠂ ᠭᠤᠶᠤᠴᠢᠯᠠᠭᠴᠢ ᠠᠴᠠ ᠬᠠᠶ᠋ᠢᠭ ᠤᠨ ᠦᠨᠡᠨ ᠪᠣᠳᠠᠲᠤ ᠴᠢᠨᠠᠷ ᠵᠢᠴᠢ ᠲᠠᠷᠠᠭᠠᠴᠢ ᠶᠢᠨ ᠬᠠᠤᠯᠢ ᠶᠢᠨ ᠬᠠᠷᠢᠭᠤᠴᠠᠯᠭ᠎ᠠ ᠳᠤ ᠠᠮᠠᠯᠠᠯᠲᠠ ᠬᠢᠪᠡᠯ ᠠᠵᠤ ᠠᠬᠤᠶᠢᠯᠠᠯ ᠤᠨ ᠰᠠᠭᠤᠭ᠎ᠠ ᠭᠠᠵᠠᠷ ︵ᠡᠵᠡᠩᠨᠡᠯᠲᠡ ᠶᠢᠨ ᠲᠠᠯᠠᠪᠤᠷ ᠭᠠᠵᠠᠷ︶ ᠪᠣᠯᠭᠠᠨ ᠠᠵᠤ ᠠᠬᠤᠶᠢᠯᠠᠯ ᠢᠶᠠᠨ ᠳᠠᠩᠰᠠᠯᠠᠭᠤᠯᠵᠤ ᠪᠣᠯᠣᠨ᠎ᠠ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ︽ᠨᠢᠭᠡ ᠦᠨᠡᠮᠯᠡᠯ ᠳᠤ ᠣᠯᠠᠨ ᠬᠠᠶ᠋ᠢᠭ ︾ ᠢᠶᠠᠷ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠡᠵᠡᠩᠨᠡᠬᠦ ᠶᠢ ᠵᠣᠷᠢᠭᠵᠢᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ︵ᠭᠤᠷᠪᠠ︶ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ      9. ᠲᠥᠪ᠂ ᠥᠪᠡᠷᠲᠡᠭᠡᠨ ᠵᠠᠰᠠᠬᠤ ᠣᠷᠣᠨ᠂ ᠮᠠᠨ ᠤ ᠬᠤᠲᠠ ᠶᠢᠨ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠨᠡᠶᠢᠳᠬᠡᠵᠦ᠂ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠦᠢᠯᠡᠰ ᠴᠣᠭᠴᠠᠯᠠᠬᠤ ᠶᠢ  ᠬᠦᠳᠦᠯᠦᠨ ᠵᠢᠯᠤᠭᠤᠳᠬᠤ ᠪᠠᠨ ᠴᠢᠩᠭᠠᠳᠬᠠᠨ᠂ ᠵᠢᠵᠢᠭ ᠪᠢᠴᠢᠯ ᠠᠵᠤ ᠠᠬᠤᠶᠢᠯᠠᠯ ᠤᠨ ᠲᠦᠷᠢᠶᠡᠰᠦᠨ ᠮᠥᠩᠭᠦ᠂ ᠭᠠᠶᠢᠯᠢ ᠰᠦᠢᠳᠬᠡᠯ᠂ ᠨᠡᠶᠢᠭᠡᠮ ᠤᠨ ᠪᠠᠲᠤᠯᠠᠭ᠎ᠠ᠂ ᠪᠡᠯᠡ ᠲᠣᠬᠢᠷᠠᠭᠤᠯᠬᠤ᠂ ᠠᠵᠢᠯᠴᠢᠨ ᠬᠡᠷᠡᠭᠯᠡᠬᠦ ᠵᠡᠷᠭᠡ ᠲᠠᠯ᠎ᠠ ᠶᠢᠨ ᠲᠣᠪᠣᠶᠢᠮ᠎ᠠ ᠠᠰᠠᠭᠤᠳᠠᠯ ᠢ ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠵᠦ᠂ ᠬᠢᠵᠢᠭ ᠤᠨ ᠨᠥᠯᠥᠭᠡ ᠶᠢ ᠢᠯᠠᠨ ᠳᠠᠪᠠᠵᠤ᠂ ᠳᠣᠲᠣᠭᠠᠳᠤ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠠᠶᠢᠨ ᠰᠠᠶᠢᠬᠠᠨ ᠬᠥᠭᠵᠢᠯᠲᠡ ᠶᠢ ᠠᠬᠢᠭᠤᠯᠤᠨ᠎ᠠ᠃ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠠᠵᠤ ᠠᠬᠤᠶᠢᠯᠠᠯ ᠪᠣᠯᠵᠤ ᠬᠤᠪᠢᠷᠠᠬᠤ︾ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠠᠪᠰᠢᠵᠤ ᠠᠵᠤ ᠠᠬᠤᠶᠢᠯᠠᠯ ᠪᠣᠯᠬᠤ ᠶᠢ ᠬᠥᠲᠥᠯᠥᠨ ᠵᠢᠯᠣᠭᠤᠳᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      10. ︽2022 ᠣᠨ ᠤ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠭᠤᠣᠯᠳᠠᠯᠭ᠎ᠠ︾ ︵ᠬᠥᠬᠡᠬᠤᠲᠠ ᠵᠠᠬ᠎ᠠ ᠬᠢᠨᠠᠯᠲᠠ ᠲᠠᠷᠬᠠᠭᠠᠭᠰᠠᠨ ﹇2022﹈ 44 ᠳ᠋ᠦ᠋ᠭᠡᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠢᠳᠡᠭᠡᠨ ᠤᠨ ᠵᠦᠢᠯ ᠢ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠵᠢᠵᠢᠭ ᠦᠢᠯᠡᠳᠬᠡᠯ ᠤᠨ ᠵᠡᠷᠭᠡ ᠲᠡᠰ ᠢᠶᠠᠨ ᠳᠡᠪᠰᠢᠭᠦᠯᠬᠦ ᠶᠢ ᠵᠢᠯᠤᠭᠤᠳᠬᠤ ᠪᠠ ᠵᠣᠷᠢᠭᠵᠢᠭᠤᠯᠤᠨ᠎ᠠ᠃ ︽ᠮᠢᠩᠭᠠᠨ ᠠᠵᠤ ᠠᠬᠤᠶᠢᠯᠠᠯ ᠲᠦᠮᠡᠨ ᠦᠢᠯᠡᠳᠬᠡᠯ ᠤᠨ ᠭᠠᠵᠠᠷ︾ ᠬᠠᠪᠰᠤᠷᠤᠨ ᠲᠡᠳᠬᠦᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 2022 ᠣᠨ ᠳᠤ 3 ᠢᠳᠡᠭᠡᠨ ᠤ ᠵᠦᠢᠯ ᠢ ᠦᠢᠯᠡᠳᠪᠦᠷᠢᠯᠡᠬᠦ ᠠᠵᠤ ᠠᠬᠤᠶᠢᠯᠠᠯ᠂ 25 ᠢᠳᠡᠭᠡᠨ ᠤ ᠵᠦᠢᠯ ᠤᠨ ᠵᠢᠵᠢᠭ ᠦᠢᠯᠡᠳᠬᠡᠯ ᠢ ᠬᠠᠪᠰᠤᠷᠤᠨ ᠲᠡᠳᠬᠦᠬᠦ ᠪᠠᠷ ᠲᠥᠯᠥᠪᠯᠡᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ︵ᠳᠥᠷᠪᠡ︶ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠴᠢᠯᠡᠭᠡ ᠶᠢ ᠴᠢᠩᠭᠠᠳᠬᠠᠨ᠎ᠠ      11. ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠳᠤ ᠦᠢᠯᠡᠴᠢᠯᠡᠨ᠎ᠡ᠃ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶ᠎ᠠ ᠪᠠᠶᠢᠭᠤᠯᠬᠤ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠬᠥᠲᠥᠯᠵᠦ ᠵᠢᠯᠤᠭᠤᠳᠬᠤ ᠪᠠᠨ ᠴᠢᠩᠭᠠᠳᠬᠠᠵᠤ᠂ ᠳᠠᠩᠰᠠᠯᠠᠬᠤ ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠠᠵᠤ ᠠᠬᠤᠶᠢᠯᠠᠯ  ᠪᠣᠯᠵᠤ ᠬᠤᠪᠢᠷᠠᠨ ᠳᠦᠷᠢᠮ ᠢᠶᠠᠨ ᠥᠭᠡᠷᠡᠴᠢᠯᠡᠭᠡᠳ ᠤᠤᠯ ᠤᠨ ᠨᠡᠷᠡᠶᠢᠳᠦᠯ ᠢᠶᠠᠨ ᠦᠯᠡᠳᠡᠭᠡᠬᠦ ᠶᠢ ᠲᠡᠮᠵᠢᠵᠤ᠂ ᠠᠶᠢᠯ ᠪᠠᠭᠤᠴᠠ᠂ ᠬᠥᠳᠡᠭᠡ ᠠᠶᠢᠯ ᠤᠨ ᠵᠤᠭᠠᠴᠠᠯ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠠᠭᠤᠭ᠎ᠠ ᠭᠠᠵᠠᠷ ︵ᠡᠵᠡᠩᠨᠡᠯᠲᠡ ᠶᠢᠨ ᠲᠠᠯᠠᠪᠤᠷ︶ ᠲᠤ ᠦᠢᠯᠡᠴᠢᠯᠡᠬᠦ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠠᠩᠰᠠᠯᠠᠭᠤᠯᠬᠤ ᠴᠣᠩᠬᠤᠨ ᠳᠤ ᠵᠥᠪᠯᠡᠯᠭᠡ ᠥᠭᠬᠦ ᠦᠢᠯᠡᠴᠢᠯᠡᠭᠡᠨ ᠤ ᠲᠠᠪᠴᠠᠩ ᠭᠠᠷᠭᠠᠵᠤ ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠭᠤᠶᠤᠴᠢᠯᠠᠨ ᠡᠷᠬᠢᠯᠡᠬᠦ ᠳᠤ ᠳᠠᠩᠰᠠᠯᠠᠭᠤᠯᠬᠤ ᠬᠠᠪᠰᠤᠷᠤᠨ ᠵᠢᠯᠣᠭᠤᠳᠤᠮᠵᠢ ᠬᠠᠩᠭᠠᠵᠤ᠂ ᠲᠠᠸᠠᠷ ᠤᠨ ᠳᠡᠮᠳᠡᠭ ᠳᠠᠩᠰᠠᠯᠠᠭᠤᠯᠬᠤ ᠪᠠᠷ ᠭᠤᠶᠤᠴᠢᠯᠠᠬᠤ ᠳᠤ ᠵᠢᠯᠣᠭᠤᠳᠤᠯᠭ᠎ᠠ ᠬᠠᠪᠰᠤᠷᠤᠯᠭ᠎ᠠ ᠬᠠᠩᠭᠠᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      12. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠤᠯᠠᠷᠢᠭᠤᠯᠤᠨ ᠠᠵᠤ ᠠᠬᠤᠶᠢᠯᠠᠯ ᠤᠨ ᠬᠥᠭᠵᠢᠯᠲᠡ ᠳᠤ ᠲᠤᠰᠠᠯᠠᠭᠤᠯᠤᠨ᠎ᠠ᠃ ᠥᠨᠳᠥᠷ ᠦᠨ᠎ᠡ ᠥᠷᠲᠡᠭ ᠲᠠᠢ ᠲᠤᠰᠬᠠᠢ ᠠᠰᠢᠭ ᠢ ᠬᠥᠮᠥᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠪᠠᠷᠢᠮᠵᠢᠶᠠᠵᠢᠭᠤᠯᠤᠯᠲᠠ ᠶᠢ ᠠᠬᠢᠭᠤᠯᠤᠨ᠂ ᠭᠠᠵᠠᠷ ᠵᠦᠢ ᠶᠢᠨ ᠢᠯᠡᠷᠬᠡᠶᠢᠯᠡᠯ ᠪᠠ ᠲᠠᠸᠠᠷ ᠤᠨ ᠲᠡᠮᠳᠡᠭ ᠲᠥᠷᠥᠯ ᠲᠡᠮᠳᠡᠭ ᠢ ᠬᠡᠷᠡᠭᠯᠡᠬᠦ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠲᠠᠢ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ ᠲᠤᠰᠬᠠᠢ ᠠᠰᠢᠭ ᠢ ᠤᠯᠠᠷᠢᠭᠤᠯᠬᠤ ᠲᠤᠰᠬᠠᠢ ᠲᠥᠯᠥᠪᠯᠡᠭᠡ ᠪᠠᠷ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠬᠦ ᠠᠵᠢᠯᠯᠠᠭ᠎ᠠ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠶᠢ ︽ᠬᠦᠷᠢᠶᠡᠯᠡᠩ ᠳᠤ ᠣᠷᠣᠭᠤᠯᠵᠤ ᠠᠵᠤ ᠠᠬᠤᠶᠢᠯᠠᠯ ᠳᠤ ᠠᠰᠢᠭ ᠬᠦᠷᠲᠡᠭᠡᠬᠦ︾ ᠠᠵᠢᠯᠯᠠᠭ᠎ᠠ ᠥᠷᠨᠢᠭᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      13. ᠳᠤᠮᠳᠠᠳᠤ ᠤᠯᠤᠰ ︵ᠬᠥᠬᠡᠬᠤᠲᠠ︶ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ ᠢ ᠭᠤᠶᠤᠴᠢᠯᠠᠨ ᠮᠡᠳᠡᠭᠦᠯᠵᠦ ᠪᠦᠲᠦᠭᠡᠨ ᠪᠠᠶᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ ᠤᠨ ᠲᠦᠷᠭᠡᠨ ᠬᠠᠮᠵᠢᠯᠴᠠᠨ ᠬᠠᠮᠠᠭᠠᠯᠠᠬᠤ ᠦᠢᠯᠡᠳᠦᠯ ᠢ ᠪᠠᠳᠠᠷᠠᠭᠤᠯᠵᠤ᠂ ᠬᠤᠷᠳᠤᠨ ᠬᠢᠨᠠᠨ ᠪᠠᠶᠢᠴᠠᠭᠠᠬᠤ᠂ ᠡᠷᠬᠡ ᠶᠢ ᠬᠤᠷᠳᠤᠨ ᠨᠤᠲᠠᠯᠠᠨ ᠲᠤᠭᠲᠠᠭᠠᠬᠤ᠂ ᠡᠷᠬᠡ ᠠᠰᠢᠭ ᠢ ᠬᠤᠷᠳᠤᠨ ᠬᠠᠮᠠᠭᠠᠯᠠᠬᠤ ᠶᠢ ᠲᠥᠪᠯᠡᠷᠡᠭᠦᠯᠦᠭᠰᠡᠨ ᠨᠢᠭᠡ ᠴᠣᠭᠴᠠᠵᠢᠭᠤᠯᠤᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠲᠤᠰᠬᠠᠢ ᠠᠰᠢᠭ ᠤᠨ ᠭᠤᠶᠤᠴᠢᠯᠠᠯ ᠢ ᠤᠷᠢᠳᠠᠪᠡᠷ ᠬᠢᠨᠠᠨ ᠪᠠᠶᠢᠴᠠᠭᠠᠬᠤ ᠶᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠭᠤᠣᠯ ᠴᠣᠭᠴᠠ ᠶᠢᠨ ᠡᠷᠬᠡ ᠶᠢ ᠬᠤᠷᠳᠤᠨ ᠨᠤᠲᠠᠯᠠᠨ ᠲᠣᠭᠲᠠᠭᠠᠬᠤ ᠳᠤ ᠦᠢᠯᠡᠴᠢᠯᠡᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      14. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠠᠰᠢᠭ ᠢᠶᠠᠨ ᠬᠠᠮᠠᠭᠠᠯᠠᠬᠤ ᠳᠤ ᠲᠤᠰᠠᠯᠠᠬᠤ ᠪᠠ ᠡᠷᠬᠡ ᠳᠤ ᠬᠠᠯᠳᠠᠭᠰᠠᠨ ᠵᠢᠭᠤᠷᠠᠯᠳᠤᠭᠠᠨ ᠢ ᠬᠤᠷᠳᠤᠨ ᠰᠢᠢᠳᠪᠦᠷᠢᠯᠡᠬᠦ ᠶᠢ ᠠᠬᠢᠭᠤᠯᠤᠨ᠎ᠠ᠃ ︽ᠬᠥᠬᠡ ᠣᠭᠲᠠᠷᠭᠤᠢ︾ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠲᠠᠸᠠᠷ ᠤᠨ ᠲᠡᠮᠳᠡᠭ ᠢ ᠮᠠᠭᠤ ᠰᠠᠨᠠᠭ᠎ᠠ ᠪᠠᠷ ᠵᠠᠪᠳᠤᠨ ᠳᠠᠩᠰᠠᠯᠠᠭᠤᠯᠬᠤ ᠪᠠ ᠲᠤᠰᠬᠠᠢ ᠠᠰᠢᠭ ᠢ ᠬᠡᠪ ᠤᠨ ᠪᠤᠰᠤ ᠪᠠᠷ ᠭᠤᠶᠤᠴᠢᠯᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠵᠢᠱᠢᠶ᠎ᠡ ᠦᠵᠡᠭᠦᠯᠬᠦ ᠭᠠᠵᠠᠷ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ᠂ ᠰᠢᠨ᠎ᠡ ᠶᠢ ᠡᠭᠦᠳᠬᠦ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      15. ᠳᠠᠨᠵᠢᠯᠠᠵᠤ ᠪᠡᠯᠡ ᠲᠣᠬᠢᠷᠠᠭᠤᠯᠬᠤ ᠶᠢ ᠬᠠᠪᠰᠤᠷᠤᠨ ᠲᠡᠳᠬᠦᠨ᠎ᠡ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠤᠰᠬᠠᠢ ᠠᠰᠢᠭ ᠤᠨ ᠡᠷᠬᠡ᠂ ᠲᠠᠸᠠᠷ ᠤᠨ ᠲᠡᠮᠳᠡᠭ ᠤᠨ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠶᠢ ᠳᠡᠮᠵᠢᠨ᠎ᠡ᠃ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠲᠠᠢ ᠳᠤᠨᠢ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠪᠥᠬᠦ ᠶᠠᠪᠤᠴᠠ ᠳᠤ ᠵᠢᠯᠤᠭᠤᠳᠴᠤ᠂ ᠮᠥᠩᠭᠦᠨ ᠭᠦᠢᠯᠭᠡᠭᠡ᠂ ᠳᠠᠭᠠᠭᠠᠯᠲᠠ᠂ ᠳᠠᠭᠠᠳᠬᠠᠯ ᠵᠡᠷᠭᠡ ᠰᠠᠯᠠᠭ᠎ᠠ ᠮᠥᠴᠢᠷ ᠲᠠᠢ ᠵᠣᠯᠭᠠᠭᠤᠯᠤᠨ ᠨᠠᠶᠢᠳᠠᠪᠤᠷᠢᠵᠢᠭᠤᠯᠬᠤ ᠳᠤᠨᠢ ᠬᠠᠪᠰᠤᠷᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      16. ᠲᠠᠸᠠᠷ ᠤᠨ ᠲᠡᠮᠳᠡᠭ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠲᠠᠸᠠᠷ ᠤᠨ ᠲᠡᠮᠳᠡᠭ ᠤᠨ ᠲᠤᠬᠠᠶᠢᠯᠠᠭᠰᠠᠨ ᠠᠵᠢᠯ ᠤᠨ ᠬᠥᠬᠡᠬᠤᠲᠠ ᠶᠢᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ ᠳᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠤᠨ ᠵᠠᠭᠪᠤᠷ ᠢ ᠬᠡᠷᠡᠭᠯᠡᠨ᠂ ᠵᠢᠵᠢᠭ ᠪᠢᠴᠢᠯ ᠠᠵᠤ ᠠᠬᠤᠶᠢᠯᠠᠯ ᠂ ᠰᠢᠨ᠎ᠡ ᠪᠠᠷ ᠬᠥᠭᠵᠢᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ ᠵᠢᠴᠢ ᠣᠨᠴᠠᠯᠢᠭᠲᠤ ᠠᠵᠤ ᠦᠢᠯᠡᠰ ᠤᠨ ᠲᠠᠸᠠᠷ ᠤᠨ ᠲᠡᠮᠳᠡᠭ ᠢ ᠳᠠᠩᠰᠠᠯᠠᠭᠤᠯᠬᠤ ᠶᠢ ᠵᠢᠯᠤᠭᠤᠳᠴᠤ᠂ ᠲᠠᠸᠠᠷ ᠤᠨ ᠲᠡᠮᠳᠡᠭ ᠤᠨ ᠲᠤᠬᠠᠶᠢᠯᠠᠭᠰᠠᠨ ᠠᠵᠢᠯ ᠤᠨ ᠴᠤᠪᠤᠷᠠᠯ ᠢ ᠴᠣᠮᠬᠠᠳᠬᠠᠨ᠂ ᠲᠠᠸᠠᠷ ᠤᠨ ᠲᠡᠮᠳᠡᠭ ᠲᠥᠷᠥᠯ ᠲᠡᠮᠳᠡᠭ ᠢ ᠬᠥᠮᠥᠵᠢᠭᠦᠯᠵᠦ ᠬᠠᠮᠠᠭᠠᠯᠠᠬᠤ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      17. ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ︽ᠨᠢᠭᠡ ᠥᠷᠲᠡᠭᠡ ᠮᠠᠶ᠋ᠢᠭ︾ ᠤᠨ  ᠦᠢᠯᠡᠴᠢᠯᠡᠭᠡ ᠶᠢ ᠶᠡᠬᠡᠪᠡᠷ ᠳᠡᠯᠭᠡᠷᠡᠭᠦᠯᠦᠨ᠎ᠡ᠃ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠬᠡᠮᠵᠢᠯᠲᠡ᠂ ᠪᠠᠷᠢᠮᠵᠢᠶ᠎ᠠ᠂ ᠭᠡᠷᠡᠴᠢᠯᠡᠵᠦ ᠵᠥᠪᠰᠢᠶᠡᠷᠡᠬᠦ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠶᠢ ᠨᠢᠭᠡ ᠴᠣᠭᠴᠠᠵᠢᠭᠤᠯᠤᠭᠰᠠᠨ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠵᠢᠴᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠤᠨ᠎ᠠ᠃ ᠬᠤᠲᠠ ᠶᠢᠨ ᠱᠠᠲᠤᠨ ᠤ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠠᠵᠤ ᠦᠢᠯᠡᠰ ᠤᠨ ᠬᠡᠮᠵᠢᠯᠲᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠲᠠᠷᠢᠶᠠᠯᠠᠩ᠂ ᠦᠶᠯᠡᠳᠬᠦ ᠦᠢᠯᠡᠰ᠂ ᠦᠢᠯᠡᠴᠢᠯᠡᠭᠡᠨ ᠤ ᠦᠢᠯᠡᠰ ᠵᠡᠷᠭᠡ ᠪᠥᠬᠦ ᠴᠠᠷᠠᠭᠠᠨ ᠤ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠮᠠᠨ ᠤ ᠬᠤᠲᠠ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠣᠯᠠᠨ ᠤᠯᠤᠰ ᠤᠨ ᠪᠠᠷᠢᠮᠵᠢᠶ᠎ᠠ᠂ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠪᠠ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠳᠤ ᠣᠷᠤᠯᠴᠠᠬᠤ ᠶᠢ ᠢᠳᠡᠪᠬᠢᠲᠡᠢ ᠳᠡᠮᠵᠢᠵᠦ᠂ ᠠᠵᠤ ᠠᠬᠤᠶᠢᠯᠠᠯ ᠤᠨ ᠠᠵᠤ ᠠᠬᠤᠶᠢᠯᠠᠯ ᠤᠨ ᠪᠠᠷᠢᠮᠵᠢᠶ᠎ᠠ ᠶᠢᠨ ᠳᠠᠭᠠᠭᠤᠯᠤᠭᠴᠢ ᠪᠣᠯᠬᠤ ᠪᠠᠷ ᠴᠢᠷᠮᠠᠶᠢᠬᠤ ᠶᠢ ᠵᠣᠷᠢᠭᠵᠢᠭᠤᠯᠤᠨ᠎ᠠ᠃ ᠤᠯᠤᠰ ᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠥᠪᠯᠡᠷᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠬᠤᠳᠠᠯ ᠬᠠᠭᠤᠷᠮᠠᠭ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠵᠦ ᠭᠡᠷᠡᠴᠢᠯᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠣᠬᠢᠷᠳᠤᠯ ᠦᠭᠡᠢ ᠪᠦᠲᠦᠭᠡᠭᠳᠡᠬᠦᠨ ᠤ ᠭᠡᠷᠡᠴᠢᠯᠡᠯ ᠢ ᠶᠡᠬᠡᠪᠡᠷ ᠠᠬᠢᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ︵ᠲᠠᠪᠤ︶ ᠭᠤᠣᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠲᠢᠭᠯᠢᠮ ᠢ ᠬᠠᠮᠠᠭᠠᠯᠠᠨ᠎ᠠ      18᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠬᠠᠤᠯᠢ ᠲᠣᠭᠲᠠᠭᠠᠯ ᠢ ᠬᠥᠩᠭᠡᠨ ᠵᠥᠷᠢᠴᠡᠭᠰᠡᠨ ᠦᠶᠯᠡ ᠠᠵᠢᠯᠯᠠᠭ᠎ᠠ ᠶᠢᠨ ᠪᠤᠷᠤᠭᠤ ᠶᠢ ᠠᠭᠤᠴᠢᠯᠠᠨ ᠪᠠᠭᠲᠠᠭᠠᠬᠤ ᠲᠣᠭᠲᠠᠴᠠ ᠶᠢ ᠪᠠᠶᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ ᠴᠢᠨᠠᠷᠲᠠᠢ ᠠᠵᠤ ᠠᠬᠤᠶᠢᠯᠠᠯ ᠳᠤ ᠬᠥᠭᠵᠢᠯᠲᠡ ᠶᠢᠨ ᠡᠬᠢᠨ ᠤ ᠬᠤᠭᠤᠴᠠᠭᠠᠨ ᠳᠤ ᠠᠭᠤᠵᠢᠭᠤ ᠳᠦᠷᠢᠮ ᠤᠨ ᠣᠷᠴᠢᠨ ᠲᠣᠭᠤᠷᠢᠨ ᠬᠠᠩᠭᠠᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠲᠡᠭᠦᠨ ᠤ ᠪᠤᠰᠤᠳ ᠡᠯ᠎ᠡ ᠬᠠᠮᠢᠶ᠎ᠠ ᠪᠦᠬᠦᠢ ᠨᠢᠭᠡᠴᠡ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      19. ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠬᠠᠤᠯᠢ ᠬᠡᠷᠡᠭᠵᠢᠭᠦᠯᠬᠦ ᠭᠤᠣᠯ ᠴᠣᠭᠴᠠ ᠳᠤ ᠬᠤᠯᠪᠣᠭᠳᠠᠭᠰᠠᠨ ᠪᠠᠶᠢᠴᠠᠭᠠᠬᠤ ᠵᠦᠢᠯᠡᠰ ᠢ ᠰᠢᠯᠢᠳᠡᠭᠵᠢᠭᠦᠯᠦᠨ ᠨᠡᠶᠢᠳᠬᠡᠵᠦ᠂ ᠰᠠᠯᠠᠭ᠎ᠠ ᠮᠥᠴᠢᠷ ᠤᠨ ᠬᠠᠮᠲᠤᠷᠠᠭᠰᠠᠨ ᠰᠤᠭᠤᠴᠢᠨ ᠪᠠᠶᠢᠴᠠᠭᠠᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ︽ᠨᠢᠭᠡ ᠠᠵᠢᠯ ᠲᠥᠷᠥᠯ ᠳᠤ ᠨᠢᠭᠡ ᠪᠠᠶᠢᠴᠠᠭᠠᠯᠲᠠ ᠬᠢᠬᠦ︾ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠠᠵᠢᠯ ᠲᠥᠷᠥᠯ ᠤᠨ ᠨᠢᠭᠡᠳᠦᠯᠲᠡᠢ ᠪᠠᠶᠢᠴᠠᠭᠠᠯᠲᠠ ᠶᠢᠨ ᠬᠠᠭᠤᠳᠠᠰᠤ᠂ ᠨᠢᠭᠡᠳᠦᠯᠲᠡᠢ ᠪᠠᠶᠢᠴᠠᠭᠠᠭᠳᠠᠬᠤ ᠡᠲᠡᠭᠡᠳ ᠤᠨ ᠨᠡᠷᠡᠰ ᠤᠨ ᠬᠥᠮᠥᠷᠭᠡ ᠪᠠ ᠨᠢᠭᠡᠳᠦᠯᠲᠡᠢ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠬᠦ ᠭᠠᠷ ᠳᠡᠪᠲᠡᠷ ᠢ ᠲᠣᠭᠲᠠᠭᠠᠨ᠂ ᠪᠠᠶᠢᠴᠠᠭᠠᠯᠲᠠ ᠶᠢᠨ ᠠᠭᠤᠯᠭ᠎ᠠ ᠪᠠ ᠠᠷᠭ᠎ᠠ ᠮᠠᠶ᠋ᠢᠭ ᠢ ᠵᠢᠷᠤᠮᠵᠢᠭᠤᠯᠵᠤ᠂ ᠳᠤᠷ᠎ᠠ ᠪᠠᠷ ᠢᠶᠠᠨ ᠪᠠᠶᠢᠴᠠᠭᠠᠬᠤ ᠶᠢ ᠪᠠᠭᠠᠰᠬᠠᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠲᠡᠭᠦᠨ ᠤ ᠪᠤᠰᠤᠳ ᠡᠯ᠎ᠡ ᠬᠠᠮᠢᠶ᠎ᠠ ᠪᠦᠬᠦᠢ ᠨᠢᠭᠡᠴᠡ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      20. ᠡᠵᠡᠩᠨᠡᠯᠲᠡ ᠶᠢᠨ ᠠᠵᠢᠯᠯᠠᠭ᠎ᠠ ᠶᠢ ᠢᠳᠡᠪᠬᠢᠲᠡᠢ ᠵᠢᠯᠣᠭᠤᠳᠤᠨ ᠵᠢᠷᠤᠮᠵᠢᠭᠤᠯᠤᠨ᠎ᠠ᠃ ᠭᠤᠥᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠲᠢᠭᠯᠢᠮ  ᠢ ᠬᠠᠮᠠᠭᠠᠯᠠᠵᠤ᠂ ᠵᠦᠪᠰᠢᠶᠡᠷᠡᠯ ᠤᠨ ᠪᠢᠴᠢᠭ ᠦᠭᠡᠢ ᠦᠨᠡᠮᠯᠡᠯ ᠦᠭᠡᠢ ᠡᠵᠡᠩᠨᠡᠯᠲᠡ ᠶᠢᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠵᠦᠪᠰᠢᠶᠡᠷᠡᠯ ᠤᠨ ᠪᠢᠴᠢᠭ ᠬᠢᠯᠭᠡᠬᠦ ᠦᠨᠡᠮᠯᠡᠯ ᠬᠢᠯᠭᠡᠬᠦ ᠨᠥᠬᠦᠴᠡᠯ ᠳᠤ ᠨᠡᠶᠢᠴᠡᠭᠰᠡᠨ ᠪᠠᠶᠢᠪᠠᠯ ᠲᠡᠳᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠬᠠᠮᠢᠶ᠎ᠠ ᠪᠦᠬᠦᠢ ᠭᠡᠷᠡᠴᠢ ᠦᠨᠡᠮᠯᠡᠯ ᠢ ᠬᠢᠯᠭᠡᠬᠦ᠂ ᠭᠡᠷᠡᠴᠢ ᠦᠨᠡᠮᠯᠡᠯ ᠬᠢᠯᠭᠡᠬᠦ ᠰᠠᠭᠠᠳ ᠦᠭᠡᠢ ᠲᠦᠷᠭᠡᠨ ᠨᠡᠪᠲᠡᠷᠡᠬᠦ ᠵᠠᠮ ᠬᠠᠩᠭᠠᠬᠤ᠂ ᠭᠡᠷ ᠲᠤᠨᠢ ᠣᠴᠢᠬᠤ ᠪᠤᠶᠤ ᠦᠨᠡᠮᠯᠡᠯ ᠢ ᠲᠥᠪᠯᠡᠷᠡᠭᠦᠯᠦᠨ ᠭᠦᠢᠴᠡᠳᠬᠡᠬᠦ ᠵᠡᠷᠭᠡ ᠠᠷᠭ᠎ᠠ ᠬᠡᠮᠵᠢᠶ᠎ᠡ ᠠᠪᠴᠤ᠂ ᠦᠨᠡᠮᠯᠡᠯ ᠭᠦᠢᠴᠡᠳᠬᠡᠪᠡᠰᠦ ᠵᠣᠬᠢᠬᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠳᠤᠷᠬᠠᠢ ᠪᠠᠶᠢᠴᠠᠭᠠᠬᠤ ᠵᠢᠴᠢ ᠦᠨᠡᠮᠯᠡᠯ ᠢ ᠨᠥᠬᠦᠵᠦ ᠬᠢᠯᠭᠡᠬᠦ ᠠᠵᠢᠯ ᠢ ᠪᠡᠶᠡᠯᠡᠭᠦᠯᠦᠨ᠎ᠡ᠃ ︽ᠨᠢᠭᠡ ᠪᠦᠯᠦᠭ ᠢ ᠬᠥᠲᠥᠯᠥᠨ ᠵᠢᠯᠤᠭᠤᠳᠬᠤ᠂ ᠨᠢᠭᠡ ᠪᠦᠯᠦᠭ ᠢ ᠵᠢᠷᠤᠮᠵᠢᠭᠤᠯᠬᠤ᠂ ᠨᠢᠭᠡ ᠪᠦᠯᠦᠭ ᠢ ᠪᠠᠶᠢᠴᠠᠭᠠᠨ ᠰᠢᠢᠳᠪᠦᠷᠢᠯᠡᠬᠦ᠂ ᠨᠢᠭᠡ ᠪᠦᠯᠦᠭ ᠢ ᠢᠯᠡᠴᠢᠯᠡᠬᠦ᠂ ᠨᠢᠭᠡ ᠪᠦᠯᠦᠭ ᠲᠤ ᠰᠦᠷ ᠦᠵᠡᠬᠦᠯᠬᠦ︾ ᠠᠷᠭ᠎ᠠ ᠮᠠᠶ᠋ᠢᠭ ᠢ ᠠᠪᠴᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢ ᠵᠢᠷᠤᠮᠵᠢᠭᠤᠯᠤᠨ᠎ᠠ᠃ ᠰᠦᠯᠵᠢᠶᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠵᠡᠩᠨᠡᠯᠲᠡ ᠶᠢ ᠬᠥᠲᠥᠯᠥᠨ ᠵᠢᠯᠤᠭᠤᠳᠴᠤ᠂ ᠡᠷᠬᠡ ᠲᠡᠭᠰᠢ ᠲᠥᠪ ᠭᠤᠥᠯᠴᠢ ᠬᠥᠭᠵᠢᠯᠲᠡ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠢ ᠪᠣᠯᠭᠠᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠲᠡᠭᠦᠨ ᠤ ᠪᠤᠰᠤᠳ ᠡᠯ᠎ᠡ ᠬᠠᠮᠢᠶ᠎ᠠ ᠪᠦᠬᠦᠢ ᠨᠢᠭᠡᠴᠡ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      21. ᠠᠷᠠᠳ ᠤᠨ ᠠᠮᠢᠳᠤᠷᠠᠯ ᠤᠨ ᠪᠠᠲᠤᠯᠠᠭ᠎ᠠ ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠡᠪ ᠵᠠᠭᠪᠤᠷ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ  ᠶᠢ ᠴᠢᠩᠭᠠᠳᠬᠠᠨ᠎ᠠ ᠃ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢᠨ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠯᠲᠠ ᠶᠢ ᠵᠠᠰᠠᠬᠤ ᠠᠵᠢᠯ ᠢ ᠴᠢᠩᠭᠠᠳᠬᠠᠨ᠎ᠠ᠃ ᠢᠲᠡᠭᠡᠮᠵᠢ ᠶᠢᠨ ᠠᠮᠠᠯᠠᠯᠲᠠ ᠶᠢᠨ ᠳᠦᠷᠢᠮ᠂ ᠮᠡᠳᠡᠭᠳᠡᠵᠦ ᠠᠮᠠᠯᠠᠭᠤᠯᠬᠤ ᠳᠦᠷᠢᠮ ᠢ ᠳᠡᠯᠭᠡᠷᠡᠭᠦᠯᠵᠦ᠂ ᠢᠲᠡᠭᠡᠮᠵᠢ ᠲᠠᠢ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠴᠢᠯᠦᠭᠡᠲᠦ ᠲᠠᠰᠤᠯᠤᠯᠲᠠ ᠶᠢᠨ ᠣᠷᠣᠨ ᠵᠠᠢ ᠶᠢ ᠪᠠᠭᠠᠰᠬᠠᠵᠤ᠂ ᠬᠠᠤᠯᠢ ᠶᠢ ᠬᠥᠩᠭᠡᠨ ᠵᠥᠷᠢᠴᠡᠭᠰᠡᠨ ᠳᠤ ︽ᠠᠩᠬ᠎ᠠ ᠵᠥᠷᠢᠴᠡᠭᠰᠡᠨ ᠢ ᠦᠯᠦ ᠲᠣᠷᠭᠠᠬᠤ︾ ᠶᠢ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠠᠶᠤᠯᠭᠦᠢ ᠶᠢᠨ ᠬᠤᠷᠢᠭ᠎ᠠ ᠱᠤᠭᠤᠮ ᠢ ᠴᠢᠩᠭ᠎ᠠ ᠬᠠᠮᠠᠭᠠᠯᠠᠨ᠎ᠠ ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      22. ᠦᠨ᠎ᠡ ᠬᠠᠩᠰᠢ ᠶᠢ ᠳᠦᠷᠭᠢᠯᠳᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠵᠡᠷᠭᠡ ᠦᠨ᠎ᠡ ᠬᠠᠩᠰᠢ ᠶᠢᠨ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠦᠨ᠎ᠡ ᠬᠠᠩᠰᠢ ᠶᠢ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠪᠠᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠭᠦᠢᠴᠡᠳᠬᠡᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠰᠦᠷ ᠬᠦᠴᠦᠨ ᠢ ᠦᠷᠭᠦᠯᠵᠢᠯᠡᠨ ᠪᠣᠶ ᠪᠣᠯᠭᠠᠵᠤ᠂ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠨ᠎ᠡ ᠬᠠᠩᠰᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠦᠨ᠎ᠡ ᠬᠠᠩᠰᠢ ᠶᠢᠨ ᠲᠠᠯ᠎ᠠ ᠪᠠᠷ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠦᠨᠡᠨᠴᠢ ᠢᠲᠡᠭᠡᠮᠵᠢᠲᠡᠢ ᠡᠵᠡᠩᠨᠡᠵᠦ᠂ ᠦᠨ᠎ᠡ ᠬᠠᠩᠰᠢ ᠶᠢᠨ ᠬᠠᠤᠯᠢ ᠶᠢ ᠵᠥᠷᠢᠴᠡᠬᠦ ᠤᠯᠠᠭᠠᠨ ᠤᠲᠠᠰᠤ ᠶᠢ ᠬᠥᠨᠳᠡᠬᠦ ᠦᠭᠡᠢ ᠪᠠᠶᠢᠬᠤ ᠶᠢ ᠰᠢᠮᠳᠠᠭᠤᠯᠤᠨ ᠵᠢᠯᠣᠭᠤᠳᠤᠨ᠎ᠠ᠃ ᠡᠭᠦᠨ ᠤ ᠬᠠᠮᠲᠤ ᠵᠠᠰᠠᠭ ᠵᠠᠬᠢᠷᠭᠠᠨ ᠤ ᠪᠣᠯᠵᠣᠨ ᠶᠠᠷᠢᠯᠴᠠᠬᠤ ᠠᠵᠢᠯ ᠢ ᠥᠷᠨᠢᠭᠦᠯᠵᠦ᠂ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠨ᠂ ᠦᠨ᠎ᠡ ᠬᠠᠩᠰᠢ ᠶᠢᠨ ᠲᠠᠯ᠎ᠠ ᠪᠠᠷ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠦᠨ᠎ᠡ ᠬᠠᠩᠰᠢ ᠶᠢᠨ ᠠᠵᠢᠯᠯᠠᠭ᠎ᠠ ᠶᠢ ᠤᠬᠠᠮᠰᠠᠷ ᠠᠴᠠ ᠪᠠᠨ ᠵᠢᠷᠤᠮᠵᠢᠭᠤᠯᠵᠤ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠬᠠᠷᠢᠭᠤᠴᠠᠯᠭ᠎ᠠ ᠶᠢ ᠬᠠᠮᠲᠤ ᠳᠤᠨᠢ ᠬᠠᠷᠠᠭᠠᠯᠵᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠷᠠᠭᠠᠨ ᠤ ᠦᠨ᠎ᠡ ᠬᠠᠩᠰᠢ ᠶᠢ ᠲᠣᠭᠲᠠᠪᠤᠷᠢᠵᠢᠭᠤᠯᠬᠤ  ᠬᠠᠮᠢᠶ᠎ᠠ ᠪᠦᠬᠦᠢ ᠠᠵᠢᠯ ᠳᠤ ᠢᠳᠡᠪᠬᠢᠲᠡᠢ  ᠬᠠᠮᠵᠢᠯᠴᠠᠬᠤ ᠶᠢ ᠰᠠᠨᠠᠭᠤᠯᠤᠨ ᠰᠡᠷᠡᠮᠵᠢᠯᠡᠭᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶     23᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ︽ᠰᠦᠯᠵᠢᠶᠡᠨ ᠤ ᠠᠷᠠᠯᠵᠢᠶ᠎ᠠ ᠶᠢᠨ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢ ᠲᠠᠷᠬᠠᠭᠠᠬᠤ ᠰᠢᠰᠲ᠋ᠧᠮ︾ ᠪᠠ ︽ᠣᠶᠤᠨᠲᠤ ᠰᠦᠯᠵᠢᠶᠡᠨ ᠤ ᠬᠢᠨᠠᠯᠲᠠ︾ ᠶᠢᠨ APP ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠰᠦᠯᠵᠢᠶᠡᠨ ᠤ ᠭᠠᠳᠠᠨᠠᠬᠢ ᠬᠢᠨᠠᠯᠲᠠ ᠬᠠᠮᠢᠶᠠᠷᠤᠯᠲᠠ ᠶᠢ ᠴᠢᠬᠤᠯᠠᠴᠢᠯᠠᠵᠤ ᠪᠠᠶᠢᠭᠰᠠᠨ  ᠠᠴᠠ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠶᠢ ᠨᠢᠭᠡ ᠴᠣᠭᠴᠠᠵᠢᠭᠤᠯᠤᠭᠰᠠᠨ ᠬᠢᠨᠠᠯᠲᠠ ᠬᠠᠮᠢᠶᠠᠷᠤᠯᠲᠠ ᠳᠤ ᠴᠢᠳᠠᠮᠠᠭᠠᠢ  ᠪᠣᠯᠬᠤ ᠲᠡᠶᠢᠰᠢ  ᠬᠤᠪᠢᠷᠠᠵᠤ᠂ ᠲᠣᠰ ᠪᠡᠶ᠎ᠡ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠶᠢ ᠴᠢᠬᠤᠯᠠᠴᠢᠯᠠᠵᠤ ᠪᠠᠶᠢᠭᠰᠠᠨ ᠠᠴᠠ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠨᠡᠶᠢᠯᠡᠯ ᠬᠦᠴᠦᠨ ᠢ ᠪᠣᠶ ᠪᠣᠯᠭᠠᠬᠤ ᠲᠡᠶᠢᠰᠢ   ᠬᠤᠪᠢᠷᠠᠬᠤ ᠶᠢ ᠴᠢᠷᠮᠠᠶᠢᠨ ᠠᠬᠢᠭᠤᠯᠤᠨ᠎ᠠ᠃ ︽ᠰᠦᠯᠵᠢᠶᠡᠨ ᠤ ᠠᠷᠠᠯᠵᠢᠶ᠎ᠠ ᠶᠢᠨ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢ ᠲᠠᠷᠬᠠᠭᠠᠬᠤ ᠰᠢᠰᠲ᠋ᠧᠮ︾ ᠢ ᠭᠦᠢᠴᠡᠳ ᠠᠰᠢᠭᠯᠠᠨ ᠰᠦᠯᠵᠢᠶᠡᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠯᠲᠡ ᠶᠢᠨ ᠰᠦᠪᠡᠭᠴᠢ ᠶᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠶᠢ ᠴᠢᠩᠭᠠᠳᠬᠠᠬᠤ ᠶᠢᠨ ᠬᠠᠮᠲᠤ᠂ ᠬᠢᠨᠠᠨ ᠬᠡᠮᠵᠢᠯᠲᠡ ᠶᠢᠨ ᠰᠦᠪᠡᠭᠴᠢ ᠶᠢ ᠭᠦᠢᠴᠡᠳᠬᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠬᠢᠨᠠᠨ ᠬᠠᠮᠢᠶᠠᠷᠬᠤ ᠰᠢᠨ᠎ᠡ ᠠᠷᠭ᠎ᠠ ᠪᠠᠷᠢᠯ ᠢᠶᠠᠷ ᠰᠢᠨ᠎ᠡ ᠬᠡᠯᠪᠡᠷᠢ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠣᠣᠷᠠᠬᠢ ᠰᠦᠯᠵᠢᠶᠡᠨ ᠤ ᠠᠷᠠᠯᠵᠢᠶ᠎ᠠ ᠶᠢᠨ ᠬᠢᠨᠠᠨ ᠬᠠᠮᠢᠶᠠᠷᠬᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠤᠨ ᠳᠡᠭᠡᠭᠰᠢᠯᠡᠯᠲᠡ ᠦᠷ᠎ᠡ ᠠᠰᠢᠭ ᠤᠨ ᠨᠡᠮᠡᠭᠳᠡᠯ ᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠵᠤ᠂ ᠬᠤᠪᠢᠳᠠᠨ ᠬᠠᠮᠢᠶᠠᠷᠴᠤ ᠪᠦᠬᠦᠢ ᠳᠡᠳ᠋ ᠬᠤᠲᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠤᠳᠤᠷᠢᠳᠤᠯᠭ᠎ᠠ ᠪᠠᠷ ᠪᠠᠶᠢᠩᠭᠤ ᠶᠢᠨ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠵᠤ᠂ ᠡᠯ᠎ᠡ ᠬᠤᠰᠢᠭᠤ ᠰᠢᠶᠠᠨ ᠤ ᠬᠤᠪᠢᠳᠠᠨ ᠬᠠᠮᠢᠶᠠᠷᠴᠤ ᠪᠦᠬᠦᠢ ᠳᠡᠳ᠋ ᠬᠤᠰᠢᠭᠤ ᠰᠢᠶᠠᠨ ᠤ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠤᠳᠤᠷᠢᠳᠬᠤ ᠳᠤᠭᠤᠶᠢᠯᠠᠩ ᠤᠨ ᠳᠣᠣᠷ᠎ᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠤᠰᠬᠠᠢ ᠠᠩᠭᠢ ᠭᠠᠷᠭᠠᠨ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠲᠣᠬᠢᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠡᠯ᠎ᠡ ᠭᠡᠰᠢᠭᠦᠨ ᠨᠢᠭᠡᠴᠡ ᠪᠠᠷ ᠪᠦᠷᠢᠯᠳᠦᠭᠰᠡᠨ ᠬᠤᠲᠠ ᠶᠢᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠮᠠᠨ ᠤ ᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠨ᠂ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠮᠡᠳᠡᠭᠳᠡᠵᠦ᠂ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃      ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠪᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠰᠥᠯ ᠤᠨ ᠠᠵᠢᠯ ᠤᠨ ᠬᠤᠪᠢᠶᠠᠷᠢᠯᠠᠯ ᠪᠠ ᠬᠠᠷᠠᠯᠲᠠ ᠶᠢᠨ ᠨᠠᠷᠢᠨ ᠬᠠᠭᠤᠳᠠᠰᠤ ᠶᠢ ᠦᠨᠳᠦᠰᠦᠯᠡᠵᠦ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ ᠢ ᠱᠠᠯᠠᠪᠳᠠᠨ ᠰᠤᠳᠤᠯᠤᠨ ᠲᠣᠭᠲᠠᠭᠠᠵᠤ᠂ ᠬᠠᠷᠠᠯᠲᠠ ᠡᠭᠦᠷᠭᠡ ᠶᠢ ᠣᠨ ᠬᠦᠷᠲᠡᠯ᠎ᠡ ᠨᠠᠷᠢᠯᠢᠭᠵᠢᠭᠤᠯᠤᠨ᠂ ᠰᠠᠯᠠᠭ᠎ᠠ ᠮᠥᠴᠢᠷ ᠲᠤ ᠬᠦᠷᠲᠡᠯ᠎ᠡ ᠪᠣᠳᠠᠲᠠᠶᠢᠵᠢᠭᠤᠯᠵᠤ᠂ ᠡᠭᠦᠷᠭᠡ ᠶᠢᠨ ᠪᠢᠴᠢᠭ ᠢ ᠲᠠᠰ ᠲᠥᠷᠥᠯ ᠬᠤᠪᠢᠶᠠᠨ ᠲᠣᠭᠲᠠᠭᠠᠵᠤ᠂ ᠡᠭᠦᠷᠭᠡ ᠶᠢ ᠦᠨᠡᠨᠬᠦ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠪᠤᠰᠤᠳ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠨᠦᠭᠦᠳ ᠲᠥᠰᠥᠯ ᠤᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ  ᠤᠨ ᠳᠡᠭᠡᠭᠰᠢᠯᠡᠯᠲᠡ ᠦᠷ᠎ᠡ ᠠᠰᠢᠭ ᠤᠨ ᠨᠡᠮᠡᠭᠳᠡᠯ ᠢ ᠠᠬᠢᠭᠤᠯᠬᠤ ᠠᠵᠢᠯ ᠤᠨ ᠪᠣᠳᠠᠲᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠢ᠃      ︵ᠭᠤᠷᠪᠠ︶ ᠦᠨᠡᠯᠡᠨ ᠰᠢᠯᠭᠠᠵᠤ ᠬᠢᠨᠠᠨ ᠬᠡᠮᠵᠢᠬᠦ ᠶᠢ ᠴᠢᠩᠭᠠᠳᠬᠠᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠨᠡᠮᠡᠭᠳᠡᠯ ᠢ ᠠᠬᠢᠭᠤᠯᠤᠭᠰᠠᠨ ᠪᠠᠶᠢᠳᠠᠯ ᠢ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠰᠢᠯᠭᠠᠬᠤ ᠰᠢᠰᠲ᠋ᠧᠮᠵᠢ ᠪᠠ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠳᠤ ᠣᠷᠣᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠲᠤ ᠰᠠᠷ᠎ᠠ ᠶᠢᠨ ᠲᠣᠬᠢᠷᠠᠭᠤᠯᠤᠯᠲᠠ᠂ ᠤᠯᠠᠷᠢᠯ ᠤᠨ ᠦᠨᠡᠯᠡᠯᠲᠡ᠂ ᠣᠨ ᠤ ᠦᠨᠡᠯᠡᠨ ᠰᠢᠯᠭᠠᠯᠲᠠ ᠶᠢ ᠬᠡᠷᠡᠭᠵᠢᠭᠦᠯᠦᠨ᠎ᠡ᠃ ᠬᠤᠲᠠ ᠶᠢᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠠᠴᠠ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠬᠤ ᠠᠵᠢᠯ ᠢ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠮᠥᠷᠳᠡᠨ ᠰᠢᠮᠳᠠᠭᠤᠯᠤᠨ ᠪᠠᠶᠢᠴᠠᠭᠠᠵᠤ᠂ ᠡᠳᠦᠷ ᠲᠤᠲᠤᠮ ᠤᠨ ᠬᠢᠨᠠᠨ ᠬᠡᠮᠵᠢᠯᠲᠡ ᠪᠠᠨ ᠴᠢᠩᠭᠠᠳᠬᠠᠨ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠬᠤ ᠬᠡᠷᠡᠭᠲᠡᠢ᠃      ︵ᠳᠥᠷᠪᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠲᠥᠷᠥᠯ ᠤᠨ ᠵᠠᠭᠤᠴᠢᠯᠠᠭᠤᠷ ᠢ ᠭᠦᠢᠴᠡᠳ ᠠᠰᠢᠭᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤᠮᠳᠠᠬᠢ ᠴᠢᠬᠤᠯᠠ ᠪᠠᠶᠢᠷᠢ ᠰᠠᠭᠤᠷᠢ᠂ ᠦᠢᠯᠡᠳᠦᠯ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠬᠤ ᠶᠢᠨ ᠴᠢᠬᠤᠯᠠ ᠠᠴᠢ ᠬᠤᠯᠪᠣᠭᠳᠠᠯ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠬᠠᠭᠤᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠣᠶᠢᠯᠠᠭᠠᠬᠤ ᠬᠡᠮᠵᠢᠶ᠎ᠡ᠂ ᠳᠡᠮᠵᠢᠬᠦ ᠬᠡᠮᠵᠢᠶ᠎ᠡ ᠪᠠ ᠣᠷᠤᠯᠴᠠᠬᠤ ᠬᠡᠮᠵᠢᠶ᠎ᠡ ᠶᠢ ᠥᠷᠭᠡᠳᠬᠡᠨ᠂ ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠨᠡᠨᠬᠦ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ︔ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ ᠬᠥᠭᠵᠢᠭᠦᠯᠬᠦ ᠶᠠᠪᠤᠴᠠ ᠳᠠᠬᠢ ᠳᠡᠯᠭᠡᠷᠡᠭᠦᠯᠦᠨ ᠳᠠᠭᠤᠷᠢᠶᠠᠵᠤ ᠪᠣᠯᠬᠤ ᠨᠡᠶᠢᠲᠡᠯᠢᠭ ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠯ ᠢ ᠬᠥᠪᠴᠢᠯᠡᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ