ᠬᠦᠬᠡᠬᠤᠲᠠ ᠵᠠᠰᠠᠭ ᠠᠯᠪᠠᠨ ᠲᠠᠷᠬᠠᠭᠠᠭᠰᠠᠨ ﹇2022 ﹈ 42 ᠳ᠋ᠤᠭᠠᠷ ᠲᠤᠭᠠᠲᠤ | 2022 ᠤᠨ ᠤ 7 ᠳ᠋ᠤᠭᠠᠷ ᠰᠠᠷ᠎ᠠ ᠶᠢᠨ 12 ᠤᠨ ᠡᠳᠦᠷ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄ | ︽ᠬᠥᠬᠡᠬᠤᠲᠠ ᠶᠢᠨ 2022 ᠣᠨ ᠤ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ ᠬᠤᠲᠠ ᠶᠢᠨ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠢ᠃ | | | ᠬᠥᠬᠡᠬᠤᠲᠠ ᠶᠢᠨ 2022 ᠣᠨ ᠤ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ | | 2022 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠷᠳᠤ ᠬᠤᠭᠤᠴᠠᠭ᠎ᠠ ᠪᠠᠷ ᠠᠬᠢᠭᠤᠯᠵᠤ᠂ | ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠵᠤ | ᠂ ᠰᠢᠯᠢᠳᠡᠭ ᠠᠮᠵᠢᠯᠲᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃ | | ᠨᠢᠭᠡ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ | ︵ᠨᠢᠭᠡ︶ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠰᠢ ᠶᠢᠨ ᠫᠢᠩ ᠤᠨ | ᠬᠠᠥᠯᠢᠵᠢᠯ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠡᠯ᠎ᠡ ᠱᠠᠲᠤᠨ ᠤ ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶ ᠤ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ ᠭᠤᠣᠯᠳᠠᠯᠭ᠎ᠠ ᠲᠠᠢ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠬᠠᠥᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠪᠦᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ | ︵ᠬᠤᠶᠠᠷ︶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠠᠥᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ︽ᠬᠥᠬᠡᠬᠤᠲᠠ ᠶᠢᠨ ︿ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠬᠡᠷᠡᠭᠵᠢᠭᠦᠯᠬᠦ ᠬᠥᠲᠥᠯᠪᠦᠷᠢ ︵2021 — 2025 ᠣᠨ︶﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠤᠨ ᠶᠣᠰᠣᠭᠠᠷ | ᠂ ᠭᠤᠤᠯᠳᠠᠯᠭ᠎ᠠ ᠲᠠᠢ ᠠᠭᠤᠯᠭ᠎ᠠ ᠶᠢ ᠣᠨ ᠤ ᠦᠨᠡᠯᠡᠨ ᠰᠢᠯᠭᠠᠬᠤ ᠪᠠ ᠰᠢᠮᠳᠠᠭᠤᠯᠤᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠡᠭᠦᠷᠭᠡ ᠶᠢ ᠨᠠᠷᠢᠯᠢᠭ | ᠣᠨᠣᠴᠠᠲᠠᠶ ᠪᠠᠷ ᠤᠨᠤᠪᠴᠢᠲᠠᠢ ᠨᠠᠶᠢᠳᠠᠪᠤᠷᠢᠵᠢᠭᠤᠯᠤᠨ᠎ᠠ᠃ | ︵ᠭᠤᠷᠪᠠ︶ ᠬᠠᠥᠯᠢᠵᠢᠯ ᠤᠨ ᠵᠠᠰᠠᠭ ᠤᠨ ᠣᠷᠳᠣᠨ ᠢ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ | ᠬᠠᠥᠯᠢᠵᠢᠯ ᠤᠨ ᠵᠠᠰᠠᠭ ᠤᠨ ᠣᠷᠳᠣᠨ ᠢᠵᠢᠱᠢᠶᠡ ᠦᠵᠡᠭᠦᠯᠦᠨ ᠡᠭᠦᠳᠦᠨ ᠪᠠᠶᠢᠭᠤᠯᠬᠤ ᠶᠢ ᠦᠨᠡᠯᠡᠨ ᠵᠢᠱᠢᠬᠦ ᠭᠦᠢᠴᠡᠳᠬᠡᠯ ᠲᠣᠭᠠᠨ ᠤ ᠰᠢᠰᠲ᠋ᠧᠮ ᠲᠠᠢ | ᠬᠠᠷᠭᠤᠭᠤᠯᠤᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠤᠲᠤᠷᠬᠠᠢ ᠪᠤᠯᠭᠠᠵᠤ᠂ ᠳᠤᠲᠠᠭᠤ ᠪᠠᠭᠤᠷᠠᠶ ᠵᠦᠢᠯ ᠢ ᠭᠦᠢᠴᠡᠳ ᠨᠥᠬᠦᠪᠥᠷᠢᠯᠡᠵᠦ᠂ | ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠪᠠᠷ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ | ᠲᠦᠯᠬᠢᠨ ᠠᠬᠢᠭᠤᠯᠤᠨ᠎ᠠ᠃ | | ᠬᠤᠶᠠᠷ᠂ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠡᠮᠡᠷᠢᠯᠡᠨ᠎ᠡ | ︵ᠨᠢᠭᠡ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠵᠠᠰᠠᠭ ᠤᠨ ᠣᠷᠳᠣᠨ ᠤ ᠡᠷᠬᠡ | ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠬᠤᠲᠠ ᠶᠢᠨ | ᠲᠣᠰ ᠱᠠᠲᠤᠨ ᠤ ᠮᠡᠳᠡᠭᠳᠡᠵᠦ ᠠᠮᠠᠯᠠᠭᠤᠯᠬᠤ ᠲᠦᠷᠢᠮ ᠤᠨ ᠭᠡᠷᠡᠴᠢᠯᠡᠬᠦ ᠵᠦᠢᠯᠡᠰ ᠤᠨ ᠲᠣᠳᠣᠷᠬᠠᠶ ᠬᠠᠭᠤᠳᠠᠰᠤ ᠶᠢ ᠲᠣᠭᠲᠠᠭᠠᠵᠤ ᠨᠡᠶᠢᠲᠡᠯᠡᠨ᠎ᠡ᠃ ᠪᠡᠯᠡ | ᠣᠷᠣᠭᠤᠯᠤᠯᠲᠠ ᠶᠢᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠡᠯᠡ ᠣᠷᠣᠭᠤᠯᠤᠯᠲᠠ ᠶᠢᠨ ᠵᠠᠰᠠᠭ | ᠵᠠᠬᠢᠷᠭᠠᠨ ᠤ ᠵᠥᠪᠰᠢᠶᠡᠷᠡᠯ ᠤᠨ ᠶᠠᠪᠤᠴᠠ ᠶᠢ ᠲᠠᠰᠤᠷᠠᠯᠳᠠ ᠦᠭᠡᠢ ᠴᠤᠮᠬᠠᠳᠬᠠᠨ᠎ᠠ᠃ | ︵ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠨᠢᠭᠡ | ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ︽ᠮᠦᠩᠬᠡ ᠰᠤᠪᠠᠭ︾ ᠲᠠᠪᠴᠠᠩ ᠳᠤ ᠲᠦᠰᠢᠭᠯᠡᠨ᠂ ︽ᠳᠠᠷᠦ᠋ᠢᠬᠠᠨ | ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠣᠶᠢᠷ᠎ᠠ ᠬᠠᠪᠢ ᠳᠠᠭᠠᠨ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ᠂ ᠥᠪᠡᠰᠦᠪᠡᠨ | ᠭᠦᠢᠴᠡᠳᠭᠡᠬᠦ︾ ᠦᠢᠯᠡᠴᠢᠯᠡᠭᠡᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠦᠨ᠎ᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ | ᠰᠢᠯᠢᠳᠡᠭᠵᠢᠭᠦᠯᠵᠦ᠂ ᠥᠨᠳᠥᠷ ᠲᠠᠪᠳᠠᠮᠵᠢᠳᠤ ᠬᠡᠷᠡᠭ ᠶᠠᠪᠤᠳᠠᠯ ᠢ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠶᠢ ᠬᠡᠷᠡᠭᠵᠢᠭᠦᠯᠦᠨ᠎ᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ 12345 ᠬᠠᠯᠠᠮᠰᠢᠯ ᠤᠲᠠᠰᠤ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ | ︵ᠭᠤᠷᠪᠠ︶ ᠲᠦᠪ ᠭᠤᠤᠯᠴᠢ ᠪᠠᠷ ᠥᠷᠢᠰᠦᠯᠳᠦᠬᠦ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠪᠤᠢ ᠪᠤᠯᠭᠠᠨ᠎ᠠ᠃ ᠤᠯᠤᠰ ᠤᠨ ᠨᠢᠭᠡᠳᠦᠯᠲᠡᠶ | ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠴᠢᠩᠭ᠎ᠠ ᠬᠡᠷᠡᠭᠵᠢᠭᠦᠯᠵᠦ᠂ ︽ᠬᠤᠷᠢᠭ᠎ᠠ ᠦᠭᠡᠢ ᠪᠣᠯ | ᠤᠷᠤᠭᠤᠯᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠥᠮᠴᠢᠯᠡᠯ ᠤᠨ ᠡᠷᠬᠡ᠂ | ᠡᠵᠡᠨ ᠮᠡᠳᠡᠵᠦ ᠡᠵᠡᠩᠨᠡᠬᠦ ᠡᠷᠬᠡ ᠪᠠ ᠪᠤᠰᠤᠳ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠨ᠎ᠠ᠃ ᠲᠦᠪ | ᠭᠤᠣᠯᠴᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠶ ᠵᠠᠬ᠎ᠠ ᠳᠡᠯᠭᠡᠭᠦᠷ ᠪᠠ ᠲᠦᠪ | ᠭᠤᠣᠯᠴᠢ ᠪᠠᠷ ᠥᠷᠢᠰᠥᠯᠳᠦᠬᠦ ᠶᠢ ᠬᠠᠷᠰᠢᠯᠠᠵᠤ ᠪᠠᠶᠢᠭ᠎ᠠ ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠴᠠᠭ ᠲᠤᠬᠠᠶ ᠳᠤᠨᠢ ᠴᠡᠪᠡᠷᠯᠡᠨ ᠬᠦᠴᠦᠨ ᠦᠭᠡᠢ | ᠪᠣᠯᠭᠠᠨ᠎ᠠ᠃ | ︵ᠳᠥᠷᠪᠡ︶ ᠤᠴᠢᠷ ᠶᠠᠪᠤᠳᠠᠯ ᠤᠨ ᠡᠮᠦᠨᠡᠬᠢ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠪᠥᠬᠦ ᠬᠡᠯᠬᠢᠶ᠎ᠡ ᠪᠥᠬᠦ | ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠᠷ | ᠦᠨᠳᠦᠰᠦᠨ ᠠᠷᠭ᠎ᠠ ᠪᠠᠷᠢᠯ ᠪᠣᠯᠭᠠᠭᠰᠠᠨ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠥᠷᠢ ᠪᠣᠯᠭᠠᠭᠰᠠᠨ᠂ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠵᠦ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠲᠤ ᠪᠠᠭᠲᠠᠭᠠᠮᠵᠢᠲᠠᠶ ᠬᠢᠨᠠᠭᠤᠷ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ | ᠠᠪᠤᠨ᠎ᠠ᠃ | ︵ᠲᠠᠪᠤ︶ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ | ᠬᠢᠭᠡᠳ ᠪᠠᠯᠠ ᠣᠷᠣᠭᠤᠯᠤᠯᠲᠠ ᠶᠢᠨ ᠭᠤᠤᠯ ᠴᠣᠭᠴᠠ ᠶᠢᠨ ᠬᠠᠤᠯᠢ ᠶᠣᠰᠣᠭᠠᠷ ᠲᠣᠭᠲᠠᠭᠰᠠᠨ ᠡᠯ᠎ᠡ ᠲᠥᠷᠥᠯ ᠤᠨ ᠵᠥᠪᠯᠡᠯᠴᠡᠭᠡᠷ᠂ ᠭᠡᠷ᠎ᠡ ᠶᠢ ᠬᠢᠨᠠᠮᠠᠭᠠᠶ | ᠭᠦᠢᠴᠡᠳᠭᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠢᠭᠤᠷᠠᠯᠳᠤᠭᠠᠨ ᠥᠬᠡᠶ | ᠵᠣᠭᠤᠰ ᠢ ᠬᠠᠤᠯᠢ ᠶᠣᠰᠣᠭᠠᠷ ᠳᠥᠯᠥᠵᠦ ᠳᠠᠭᠤᠰᠬᠠᠨ᠎ᠠ᠃ | | ᠭᠤᠷᠪᠠ᠂ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠬᠠᠤᠯᠢ ᠲᠣᠭᠲᠠᠭᠠᠬᠤ ᠠᠵᠢᠯ ᠤᠨ ᠴᠢᠨᠠᠷ ᠴᠢᠨᠰᠠᠭ᠎ᠠ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | ︵ᠨᠢᠭᠡ︶ ᠬᠠᠤᠯᠢ ᠲᠣᠭᠲᠠᠭᠠᠬᠤ ᠲᠥᠯᠥᠪᠯᠡᠭᠡ ᠶᠢ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠪᠡᠶᠡᠯᠡᠭᠦᠯᠦᠨ᠎ᠡ᠃ 2022 ᠣᠨ ᠤ ᠵᠠᠰᠠᠭ ᠤᠨ | ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠲᠣᠬᠢᠷᠠᠭᠤᠯᠤᠯᠲᠠ ᠶᠣᠰᠣᠭᠠᠷ᠂ ᠬᠠᠤᠯᠢ ᠲᠣᠭᠲᠠᠭᠠᠬᠤ ᠠᠵᠢᠯ ᠤᠨ ᠠᠬᠢᠴᠠ ᠶᠢ | ᠲᠦᠷᠭᠡᠳᠬᠡᠵᠦ᠂ ᠦᠨᠡᠨᠬᠦ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠬᠠᠤᠯᠢ ᠲᠣᠭᠲᠠᠭᠠᠬᠤ ᠲᠥᠷᠥᠯ ᠵᠦᠢᠯ ᠢ ᠲᠤᠭᠤᠷᠪᠢᠬᠤ᠂ ᠬᠢᠨᠠᠨ | ᠪᠠᠶᠢᠴᠠᠭᠠᠬᠤ᠂ ᠬᠢᠨᠠᠨ ᠵᠥᠪᠯᠡᠬᠦ ᠠᠵᠢᠯ ᠢ ᠪᠡᠶᠡᠯᠡᠭᠦᠯᠦᠨ᠎ᠡ᠃ | ︵ᠬᠤᠶᠠᠷ︶ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠡᠭᠦᠳᠡ ᠪᠠᠨ ᠨᠡᠭᠡᠭᠡᠵᠦ ᠬᠠᠤᠯᠢ | ᠲᠣᠭᠲᠠᠭᠠᠬᠤ︾ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠨᠡᠶᠢᠭᠡᠮ ᠤᠨ ᠡᠯ᠎ᠡ ᠡᠲᠡᠭᠡᠳ ᠪᠠ ᠠᠵᠤ ᠠᠬᠤᠶᠢᠯᠠᠯ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠰᠠᠨᠠᠯ ᠰᠠᠨᠠᠭᠤᠯᠭ᠎ᠠ ᠶᠢ | ᠥᠷᠭᠡᠨ ᠢᠶᠠᠷ ᠰᠤᠨᠤᠰᠤᠨ᠎ᠠ᠃ ᠬᠠᠤᠯᠢ ᠲᠣᠭᠲᠠᠭᠠᠬᠤ ᠠᠴᠠ ᠡᠮᠦᠨᠡᠬᠢ ᠦᠨᠡᠯᠡᠨ ᠵᠢᠱᠢᠯᠲᠡ ᠪᠠ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢᠨ | ᠠᠵᠢᠯ ᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ︵ᠭᠤᠷᠪᠠ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠎ᠠ᠃ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠤᠨ ︽ ᠭᠤᠷᠪᠠᠨ ᠨᠢᠭᠡᠲᠦᠯᠲᠡᠢ︾ ᠬᠠᠮᠢᠶᠠᠷᠤᠯᠲᠠ ᠶᠢᠨ ᠲᠥᠷᠢᠮ ᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠲᠥᠷᠢᠮ ᠢ ᠨᠠᠶᠢᠳᠠᠪᠤᠷᠢᠵᠢᠭᠤᠯᠤᠨ᠂ ᠪᠢᠴᠢᠭ | ᠮᠠᠲ᠋ᠧᠷᠢᠶᠠᠯ ᠪᠠᠶᠢᠪᠠᠯ ᠵᠠᠪᠠᠯ ᠳᠠᠩᠰᠠᠯᠠᠵᠤ᠂ ᠳᠠᠩᠰᠠ ᠪᠠᠶᠢᠪᠠᠯ ᠵᠠᠪᠠᠯ ᠬᠢᠨᠠᠵᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠤᠨ᠎ᠠ᠃ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠪᠣᠯᠤᠨ ᠦᠨᠡᠯᠡᠨ ᠵᠢᠱᠢᠵᠦ ᠴᠡᠪᠡᠷᠯᠡᠬᠦ ᠲᠥᠷᠢᠮ ᠢ ᠴᠢᠩᠭ᠎ᠠ ᠬᠡᠷᠡᠭᠵᠢᠭᠦᠯᠦᠨ᠎ᠡ᠃ | | ᠲᠦᠷᠪᠡ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠴᠤᠪᠤᠷᠠᠯ ᠢ ᠵᠢᠷᠤᠮᠵᠢᠭᠤᠯᠵᠤ᠂ ᠰᠢᠨᠵᠢᠯᠡᠬᠦ ᠤᠬᠠᠭᠠᠨᠴᠢ | ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠲᠦᠯᠬᠢᠨ ᠠᠬᠢᠭᠤᠯᠤᠨ᠎ᠠ | ︵ᠨᠢᠭᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠤᠪᠤᠷᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ︽ | ᠬᠥᠬᠡᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠤᠪᠤᠷᠠᠯ ᠤᠨ ᠲᠣᠭᠲᠠᠭᠠᠯ︾ ︵ᠬᠥᠬᠡᠬᠤᠲᠠ ᠵᠠᠰᠠᠭ | ᠲᠠᠷᠬᠠᠭᠠᠭᠰᠠᠨ ︹ 2020 ︺ 32 ᠳ᠋ᠤᠭᠠᠷ ᠲᠣᠭᠠᠲᠤ︶ ᠢ ᠴᠢᠩᠭ᠎ᠠ ᠬᠡᠷᠡᠭᠵᠢᠭᠦᠯᠵᠦ᠂ ᠪᠣᠶ ᠪᠥᠬᠦᠶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠶᠢ ᠲᠣᠭᠲᠠᠭᠠᠬᠤ ᠳᠤ ᠴᠥᠮ ᠬᠠᠤᠯᠢ ᠪᠠᠷ ᠲᠣᠭᠲᠠᠭᠠᠭᠰᠠᠨ ᠴᠤᠪᠤᠷᠠᠯ ᠢ ᠴᠢᠩᠭ᠎ᠠ ᠬᠡᠷᠡᠭᠵᠢᠭᠦᠯᠦᠨ᠎ᠡ᠃ ︽ᠬᠥᠬᠡᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠤᠨ ᠪᠠᠷᠢᠮᠵᠢᠶ᠎ᠠ︾ ︵ᠬᠥᠬᠡᠬᠤᠲᠠ ᠵᠠᠰᠠᠭ | ᠲᠠᠷᠬᠠᠭᠠᠭᠰᠠᠨ ︹ 2021 ︺ 23 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠶᠢᠨ ᠵᠦᠢᠯᠡᠰ ᠤᠨ ᠭᠠᠷᠴᠠᠭ ᠢ ᠴᠠᠭ ᠲᠤᠬᠠᠶ ᠳᠤᠨᠢ ᠢᠯᠡ ᠪᠣᠯᠭᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠠᠥᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠤᠶᠤᠨᠴᠢᠯᠠᠭᠰᠠᠨ ᠨᠢᠭᠡ ᠴᠤᠭᠴᠠᠲᠤ ᠲᠠᠪᠴᠠᠩ ᠢᠶᠠᠷ ᠳᠠᠮᠵᠢᠭᠤᠯᠤᠨ ᠲᠤᠭᠲᠠᠭᠰᠠᠨ ᠴᠠᠭ ᠲᠤᠨᠢ ᠮᠡᠳᠡᠭᠦᠯᠦᠨ | ᠳᠠᠩᠰᠠᠯᠠᠭᠤᠯᠤᠨ᠎ᠠ᠃ | ︵ᠬᠤᠶᠠᠷ︶ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠤᠪᠤᠷᠠᠯ ᠢ ᠬᠡᠷᠡᠭᠵᠢᠭᠦᠯᠬᠦ ᠪᠠ ᠦᠨᠡᠯᠡᠨ ᠵᠢᠱᠢᠬᠦ ᠶᠢ ᠴᠢᠩᠭᠠᠳᠬᠠᠨ᠎ᠠ᠃ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠮᠡᠳᠡᠭᠦᠯᠬᠦ ᠲᠦᠷᠢᠮ ᠢ ᠨᠠᠶᠢᠳᠠᠪᠤᠷᠢᠵᠢᠭᠤᠯᠵᠤ᠂ ᠬᠡᠷᠡᠭᠵᠢᠭᠦᠯᠬᠦ | ᠰᠠᠯᠠᠭ᠎ᠠ ᠮᠥᠴᠢᠷ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠳᠤ ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠦᠯᠦᠨ᠎ᠡ᠃ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠬᠠᠤᠯᠢ ᠶᠣᠰᠣᠭᠠᠷ | ᠳᠥᠯᠭᠢᠨ ᠠᠬᠢᠭᠤᠯᠵᠤ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠭᠰᠡᠨ ᠦᠷ᠎ᠡ ᠳ᠋ᠦᠩ ᠢ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠳᠤ ᠲᠣᠬᠢᠷᠠᠭᠤᠯᠤᠯᠲᠠ ᠬᠢᠬᠦ ᠴᠢᠬᠤᠯᠠ ᠦᠨᠳᠦᠰᠦᠯᠡᠯ ᠪᠣᠯᠭᠠᠨ᠎ᠠ᠃ | ︵ᠭᠤᠷᠪᠠ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠨᠠᠰᠤᠨ ᠲᠤᠷᠰᠢᠳᠠ ᠶᠢᠨ ᠬᠠᠷᠢᠭᠤᠴᠠᠯᠭ᠎ᠠ ᠨᠡᠬᠡᠮᠵᠢᠯᠡᠬᠦ | ᠲᠦᠷᠢᠮ ᠪᠠ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠢᠳᠪᠦᠷᠢᠲᠦ ᠪᠣᠳᠣᠯᠭ᠎ᠠ ᠲᠤᠭᠲᠠᠭᠠᠬᠤ | ᠴᠤᠪᠤᠷᠠᠯ ᠤᠨ ᠲᠦᠷᠢᠮ ᠢ ᠵᠢᠷᠤᠮᠯᠠᠭᠰᠠᠨ ᠡᠰᠡᠬᠦ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠤᠭᠲᠠᠭᠠᠭᠰᠠᠨ ᠡᠰᠡᠬᠦ ᠶᠢ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠤᠳᠤᠷᠢᠳᠬᠤ ᠪᠠᠭ ᠵᠢᠴᠢ ᠭᠤᠤᠯ ᠬᠠᠷᠢᠭᠤᠴᠠᠯᠭᠠᠲᠠᠨ ᠢ ᠦᠨᠡᠯᠡᠨ ᠰᠢᠯᠭᠠᠵᠤ ᠰᠢᠮᠳᠠᠭᠤᠯᠤᠨ ᠪᠠᠶᠢᠴᠠᠭᠠᠬᠤ᠂ ᠠᠵᠤ ᠠᠬᠤᠶ ᠶᠢᠨ | ᠬᠠᠷᠢᠭᠤᠴᠠᠯᠭ᠎ᠠ ᠶᠢ ᠨᠢ ᠬᠢᠨᠠᠨ ᠪᠤᠳᠤᠬᠤ ᠴᠢᠬᠤᠯᠠ ᠠᠭᠤᠯᠭ᠎ᠠ ᠪᠣᠯᠭᠠᠨ᠎ᠠ᠃ | | ᠲᠠᠪᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ ᠪᠥᠷᠢᠨᠰᠢᠬᠦᠯᠵᠤ᠂ ᠬᠠᠤᠯᠢ ᠬᠡᠷᠡᠭᠵᠢᠭᠦᠯᠬᠦ ᠬᠢᠷᠢ ᠲᠦᠪᠰᠢᠨ ᠢ | ᠳᠡᠭᠡᠭᠰᠢᠯᠡᠭᠦᠯᠦᠨ᠎ᠡ | ︵ᠨᠢᠭᠡ︶ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠷᠢᠮ︾ ᠢ ᠪᠥᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠬᠢᠭᠡᠳ ᠬᠤᠰᠢᠭᠤ ᠰᠢᠶᠠᠨ ᠲᠣᠭᠤᠷᠢᠭ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠢ ᠰᠢᠯᠵᠢᠭᠦᠯᠦᠨ ᠬᠦᠷᠭᠡᠬᠦ ᠵᠢᠴᠢ ᠵᠣᠬᠢᠴᠠᠭᠤᠯᠤᠨ ᠬᠠᠮᠵᠢᠯᠴᠠᠬᠤ | ᠲᠣᠭᠲᠠᠴᠠ ᠶᠢ ᠪᠠᠶᠢᠭᠤᠯᠤᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠴᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠳᠣᠭᠢᠷᠠᠭᠤᠯᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ | ︵ᠬᠤᠶᠠᠷ︶ ᠭᠤᠤᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠬᠦᠷᠢᠶ᠎ᠡ ᠴᠠᠷᠠᠭ᠎ᠠ ᠠᠯᠤᠰᠯᠠᠨ᠂ ᠰᠠᠯᠠᠭ᠎ᠠ | ᠮᠥᠴᠢᠷ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠶᠡᠬᠡᠪᠡᠷ ᠠᠬᠢᠭᠤᠯᠵᠤ᠂ ᠢᠳᠡᠭᠡᠨ ᠤ ᠵᠦᠢᠯ ᠡᠮ ᠤᠨ ᠵᠦᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ᠂ ᠠᠮᠢ ᠠᠬᠤᠶ ᠣᠷᠴᠢᠨ ᠲᠣᠭᠤᠷᠢᠨ᠂ ᠠᠶᠤᠯᠭᠦᠢ ᠦᠢᠯᠡᠳᠪᠦᠷᠢᠯᠡᠯ᠂ ᠬᠥᠳᠡᠯᠮᠦᠷᠢ ᠶᠢᠨ ᠪᠠᠲᠤᠯᠠᠭ᠎ᠠ᠂ ᠬᠤᠲᠠ ᠶᠢᠨ ᠬᠠᠮᠢᠶᠠᠷᠤᠯᠲᠠ᠂ ᠵᠠᠮ | ᠬᠠᠷᠢᠯᠴᠠᠭ᠎ᠠ ᠲᠡᠭᠡᠭᠡᠪᠦᠷᠢ᠂ ᠰᠤᠷᠭᠠᠨ ᠬᠥᠮᠦᠵᠢᠯ ᠪᠣᠯᠪᠠᠰᠤᠷᠠᠭᠤᠯᠤᠯ ᠵᠡᠷᠭᠡ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ | ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾ ︵ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠵᠠᠷᠯᠢᠭ 250 ᠳ᠋ᠤᠭᠠᠷ ᠲᠣᠭᠠᠲᠤ︶ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ | ᠵᠢᠷᠤᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ | ︽ᠭᠤᠷᠪᠠᠨ ᠵᠦᠢᠯ ᠤᠨ ᠳᠦᠷᠢᠮ︾᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠳᠦᠷᠢᠮ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠦᠨᠡᠯᠡᠨ ᠰᠢᠯᠭᠠᠬᠤ ᠳᠦᠷᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠳᠬᠠᠨ ᠬᠥᠮᠦᠵᠢᠭᠦᠯᠬᠦ᠂ ᠢᠳᠬᠠᠨ | ᠵᠢᠯᠤᠭᠤᠳᠴᠤ ᠦᠯᠢᠭᠡᠷ ᠵᠢᠱᠢᠶ᠎ᠡ ᠦᠵᠡᠭᠦᠯᠬᠦ᠂ ᠰᠡᠷᠡᠮᠵᠢᠯᠡᠭᠦᠯᠦᠨ ᠴᠡᠭᠡᠷᠯᠡᠭᠦᠯᠬᠦ ᠵᠡᠷᠭᠡ ᠬᠠᠤᠯᠢ ᠬᠡᠷᠡᠭᠵᠢᠭᠦᠯᠬᠦ ᠵᠥᠭᠡᠯᠡᠨ ᠠᠷᠭ᠎ᠠ ᠮᠠᠶ᠋ᠢᠭ ᠢ ᠥᠷᠭᠡᠨ ᠢᠶᠠᠷ | ᠬᠡᠷᠡᠭᠯᠡᠨ᠎ᠡ᠃ ᠨᠢᠭᠡ ᠤᠳᠠᠭ᠎ᠠ ᠶᠢᠨ ᠴᠢᠨᠠᠷᠲᠠᠶ ᠮᠡᠳᠡᠭᠳᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ | ᠲᠣᠭᠠᠴᠢᠬᠤ᠂ ᠵᠦᠪᠳᠡᠭᠡᠨ ᠲᠣᠳᠣᠷᠬᠠᠶᠢᠯᠠᠬᠤ᠂ ᠭᠡᠷᠡᠴᠢᠯᠡᠭᠡ ᠰᠣᠨᠣᠰᠬᠤ ᠭᠤᠶᠤᠴᠢᠯᠠᠯ ᠳᠤᠷᠠᠳᠬᠤ ᠵᠡᠷᠭᠡ ᠡᠷᠬᠡ ᠶᠢ ᠬᠠᠤᠯᠢ ᠶᠣᠰᠣᠭᠠᠷ ᠪᠠᠲᠤᠯᠠᠨ᠎ᠠ᠃ | ︵ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠭ᠎ᠠ ᠶᠢᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠰᠢᠯᠵᠢᠭᠦᠯᠦᠨ ᠬᠦᠷᠭᠡᠬᠦ ᠲᠣᠭᠲᠠᠭᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠤᠯᠤᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ᠂ ᠪᠢᠴᠢᠭ ᠬᠠᠷ᠎ᠠ ᠶᠢᠨ ᠵᠠᠭᠪᠤᠷ ᠪᠠ ᠦᠨᠳᠦᠰᠦᠨ ᠪᠠᠷᠢᠮᠵᠢᠶ᠎ᠠ ᠶᠢ ᠵᠢᠷᠤᠮᠵᠢᠭᠤᠯᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢ ᠬᠦᠷᠭᠡᠬᠦ ᠲᠦᠷᠢᠮ ᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠷᠥᠯ | ᠬᠡᠯᠪᠡᠷᠢ ᠶᠢᠨ ᠶᠣᠰᠣᠭᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠤᠪᠤᠷᠠᠯ ᠢ ᠵᠢᠷᠤᠮᠵᠢᠭᠤᠯᠤᠨ ᠲᠡᠭᠦᠯᠳᠡᠷᠵᠢᠭᠦᠯᠦᠨ᠎ᠡ᠃ | ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠠᠯᠪᠠᠨ ᠵᠢᠷᠤᠮ ᠤᠨ | ᠬᠢᠨᠠᠯᠲᠠ ᠲᠠᠯᠪᠢᠭᠴᠢ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠬᠠᠥᠯᠢ ᠲᠠᠷᠬᠠᠭᠠᠭᠰᠠᠨ ︹ 2018 ︺ 63 ᠳ᠋ᠤᠭᠠᠷ ᠲᠣᠭᠠᠲᠤ︶ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠪᠠ ᠬᠠᠤᠯᠢ ᠬᠡᠷᠡᠭᠵᠢᠭᠦᠯᠬᠦ ᠠᠵᠢᠯᠲᠠᠨ ᠳᠤ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ | ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠨ᠎ᠠ᠃ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠲᠠᠨ ᠳᠤ ᠬᠥᠮᠦᠨ ᠪᠦᠷᠢ ᠳᠤ ᠵᠢᠯ ᠳᠤ ᠬᠠᠮᠤᠭ ᠪᠠᠭ᠎ᠠ ᠳᠤ ᠪᠠᠨ 60 ᠬᠢᠴᠢᠶᠡᠯ ᠤᠨ ᠴᠠᠭ ᠤᠨ ᠲᠤᠬᠠᠶᠢᠯᠠᠭᠰᠠᠨ ᠠᠵᠢᠯ ᠤᠨ | ᠮᠡᠳᠡᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠭᠥᠷᠳᠡᠨ᠎ᠡ᠃ | | ᠵᠢᠷᠭᠤᠭ᠎ᠠ᠂ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠤᠷᠢᠳᠴᠢᠯᠠᠨ ᠰᠡᠷᠭᠡᠶᠢᠯᠡᠵᠦ ᠰᠢᠢᠳᠪᠦᠷᠢᠯᠡᠨ᠎ᠡ | ︵ᠨᠢᠭᠡ︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠭᠡᠨᠡᠳᠲᠡ ᠶᠢᠨ ᠬᠡᠷᠡᠭ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠶᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠭᠠᠵᠤ ᠳᠤᠰᠬᠠᠯ ᠭᠠᠷᠭᠠᠬᠤ᠂ ᠲᠠᠬᠢᠨ ᠪᠠᠶᠢᠭᠤᠯᠵᠤ | ᠰᠡᠷᠭᠦᠭᠡᠬᠦ᠂ ᠪᠠᠶᠢᠴᠠᠭᠠᠵᠤ ᠦᠨᠡᠯᠡᠨ ᠵᠢᠱᠢᠬᠦ ᠵᠡᠷᠭᠡ ᠲᠣᠭᠲᠠᠴᠠ ᠶᠢ ᠪᠦᠷᠢᠨᠰᠢᠬᠦᠯᠦᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠤᠳᠠᠰ ᠢ ᠨᠥᠭᠡᠴᠡᠯᠡᠬᠦ | ᠪᠠᠲᠤᠯᠠᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠬᠤᠯᠠ ᠡᠳ᠋ ᠪᠤᠳᠠᠰ ᠢ ᠬᠢᠨᠠᠨ ᠬᠠᠮᠢᠶᠠᠷᠬᠤ᠂ ᠦᠢᠯᠡᠳᠪᠦᠷᠢᠯᠡᠬᠦ᠂ | ᠨᠥᠭᠡᠴᠡᠯᠡᠬᠦ᠂ ᠳᠣᠭᠢᠷᠠᠭᠤᠯᠬᠤ ᠪᠠ ᠪᠠᠴᠢᠮ ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢ ᠪᠠᠶᠢᠭᠤᠯᠤᠨ᠎ᠠ᠃ | ︵ᠬᠤᠶᠠᠷ︶ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠴᠢᠳᠠᠪᠤᠷᠢ ᠳᠡᠭᠡᠭᠰᠢᠯᠡᠭᠦᠯᠦᠨ᠎ᠡ᠃ ᠬᠦᠨᠳᠦ ᠶᠡᠭᠡ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠬᠤᠲᠠ ᠶᠢᠨ ᠲᠣᠰ ᠱᠠᠲᠤᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠪᠠ ᠲᠤᠰᠬᠠᠶ ᠲᠥᠰᠦᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ | ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠴᠤᠪᠤᠷᠠᠯ ᠪᠠ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠰᠢᠯᠢᠳᠡᠭᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠦᠨ᠎ᠡ᠃ | ︵ᠭᠤᠷᠪᠠ︶ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠬᠦᠴᠦᠨ ᠤ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ | ᠣᠷᠣᠯᠴᠠᠬᠤ ᠶᠢ ᠬᠥᠲᠥᠯᠦᠨ ᠵᠢᠯᠣᠭᠤᠳᠴᠤ ᠵᠢᠷᠤᠮᠵᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠤᠨ | ᠤᠬᠠᠭᠤᠯᠭ᠎ᠠ ᠪᠠ ᠪᠣᠯᠪᠠᠰᠤᠷᠠᠭᠤᠯᠤᠯ ᠢ ᠨᠠᠷᠢᠨ ᠬᠢᠨᠠᠮᠠᠭᠠᠶ ᠥᠷᠨᠢᠭᠦᠯᠵᠦ᠂ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠦᠵᠡᠯ ᠤᠬᠠᠮᠰᠠᠷ ᠪᠠ | ᠴᠢᠳᠠᠪᠤᠷᠢ ᠶᠢ ᠨᠡᠮᠡᠭᠳᠡᠭᠦᠯᠦᠨ᠎ᠡ᠃ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠣᠰᠬᠤᠨ ︵ᠨᠡᠶᠢᠭᠡᠮ ᠲᠣᠭᠤᠷᠢᠭ︶ ᠤ ᠭᠡᠨᠡᠳᠲᠡ ᠶᠢᠨ ᠬᠡᠷᠡᠭ ᠲᠤ | ᠣᠷᠣᠯᠴᠠᠬᠤ᠂ ᠤᠷᠢᠳᠴᠢᠯᠠᠨ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠶᠢ ᠬᠥᠲᠥᠯᠦᠨ ᠵᠢᠯᠣᠭᠤᠳᠴᠤ ᠵᠢᠷᠤᠮᠵᠢᠭᠤᠯᠤᠨ᠎ᠠ᠃ | | ᠳᠣᠯᠤᠭ᠎ᠠ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ ᠪᠠ ᠡᠶᠡᠳᠡᠭᠦᠯᠦᠨ ᠰᠢᠢᠳᠪᠦᠷᠢᠯᠡᠵᠦ ᠨᠠᠮᠳᠠᠭᠤᠯᠤᠨ᠎ᠠ | ︵ᠨᠢᠭᠡ︶ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠴᠢᠯᠡᠭᠰᠡᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠎ᠠ᠃ ᠵᠠᠰᠠᠭ | ᠵᠠᠬᠢᠷᠭᠠᠨ ᠤ ᠡᠶᠡᠳᠡᠭᠦᠯᠭᠡ ᠶᠢ ᠠᠷᠠᠳ ᠤᠨ ᠡᠶᠡᠳᠡᠭᠦᠯᠭᠡ᠂ ᠠᠵᠢᠯ ᠲᠦᠷᠦᠯ ᠤᠨ ᠴᠢᠨᠠᠷᠲᠠᠶ ᠲᠤᠰᠬᠠᠶ ᠮᠡᠷᠭᠡᠵᠢᠯ ᠤᠨ ᠴᠢᠨᠠᠷᠲᠠᠶ ᠡᠶᠡᠳᠡᠭᠦᠯᠭᠡ᠂ ᠬᠠᠤᠯᠢ | ᠴᠠᠭᠠᠵᠠ ᠶᠢᠨ ᠡᠶᠡᠳᠡᠭᠦᠯᠭᠡ ᠲᠠᠢ ᠪᠦᠲᠦᠮᠵᠢᠲᠡᠶ ᠵᠣᠯᠭᠠᠭᠤᠯᠬᠤ ᠶᠢ ᠲᠦᠯᠬᠢᠨ ᠠᠬᠢᠭᠤᠯᠵᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ᠂ ᠵᠠᠮ | ᠬᠠᠷᠢᠯᠴᠠᠭᠠᠨ ᠤ ᠬᠤᠬᠢᠷᠠᠯ ᠤᠨ ᠲᠥᠯᠥᠪᠦᠷᠢ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠲᠠᠯ᠎ᠠ ᠶᠢᠨ | ᠵᠠᠰᠠᠭ ᠵᠠᠬᠢᠷᠭᠠᠨ ᠤ ᠡᠶᠡᠳᠡᠭᠦᠯᠭᠡ ᠶᠢᠨ ᠠᠵᠢᠯ ᠢ ᠴᠢᠩᠭᠠᠳᠬᠠᠨ᠎ᠠ᠃ ᠬᠤᠲᠠ᠂ ᠬᠤᠰᠢᠭᠤ ︵ᠰᠢᠶᠠᠨ᠂ ᠲᠣᠭᠤᠷᠢᠭ︶᠂ ᠰᠢᠶᠠᠩ ᠪᠠᠯᠭᠠᠰᠤ ︵ᠨᠡᠶᠢᠭᠡᠮ | ᠲᠣᠭᠤᠷᠢᠭ︶ ᠶᠢᠨ ᠵᠥᠷᠢᠴᠡᠯ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ︽ᠨᠢᠭᠡ | ᠦᠷᠲᠡᠭᠡ ᠮᠠᠶ᠋ᠢᠭ︾ ᠤᠨ ᠵᠢᠭᠤᠷᠠᠯᠳᠤᠭᠠᠨ ᠢ ᠰᠢᠢᠳᠪᠦᠷᠢᠯᠡᠬᠦ ᠦᠢᠯᠡᠴᠢᠯᠡᠭᠡ ᠬᠠᠩᠭᠠᠨ᠎ᠠ᠃ | ︵ᠬᠤᠶᠠᠷ︶ ᠵᠠᠰᠠᠭ ᠵᠠᠬᠢᠷᠭᠠᠨ ᠤ ᠲᠠᠰᠤᠯᠤᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ ᠲᠣᠰ ᠰᠠᠯᠠᠭ᠎ᠠ ᠮᠥᠴᠢᠷ᠂ ᠲᠣᠰ ᠠᠵᠢᠯ | ᠲᠥᠷᠥᠯ ᠤᠨ ᠵᠠᠰᠠᠭ ᠵᠠᠬᠢᠷᠭᠠᠨ ᠤ ᠲᠠᠰᠤᠯᠤᠯᠲᠠ ᠶᠢᠨ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠬᠡᠷᠡᠭᠯᠡᠬᠦ | ᠬᠡᠪᠴᠢᠶ᠎ᠡ ᠶᠢ ᠲᠣᠳᠣᠷᠬᠠᠶᠢᠯᠠᠨ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠴᠤᠪᠤᠷᠠᠯ ᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠦᠨᠡᠨᠬᠦ ᠪᠡᠶᠡᠯᠡᠭᠦᠯᠦᠨ᠎ᠡ᠃ | ︵ᠭᠤᠷᠪᠠ︶ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠠᠰᠠᠭ ᠵᠠᠬᠢᠷᠭᠠᠨ ᠤ ᠳᠠᠬᠢᠨ | ᠵᠥᠪᠯᠡᠬᠦ ᠭᠠᠵᠠᠷ ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠯᠪᠠᠨ ᠬᠡᠷ᠂ ᠭᠥᠯᠢᠶᠡᠨ ᠠᠪᠬᠤ ᠬᠡᠷ᠂ | ᠭᠡᠷᠡᠴᠢᠯᠡᠭᠡ ᠰᠣᠨᠣᠰᠬᠤ ᠬᠡᠷ᠂ ᠲᠠᠩᠰᠠ ᠡᠪᠬᠡᠮᠡᠯ ᠤᠨ ᠬᠡᠷ ︽ᠳᠥᠷᠪᠡᠨ ᠭᠡᠷ︾ ᠢ ᠰᠠᠯᠭᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠬᠦᠴᠦᠨ ᠢ | ᠴᠢᠩᠭᠠᠳᠬᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠰᠢᠢᠳᠪᠦᠷᠢᠯᠡᠬᠦ ᠠᠵᠢᠯᠲᠠᠨ ᠢ ᠬᠠᠮᠤᠭ ᠪᠠᠭ᠎ᠠ ᠳᠠᠭᠠᠨ 3 ᠳᠣᠭᠢᠷᠠᠭᠤᠯᠤᠨ᠎ᠠ᠃ ᠵᠠᠰᠠᠭ | ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠪᠠᠲᠤᠯᠠᠭ᠎ᠠ ᠳᠤ ᠤᠷᠤᠭᠤᠯᠤᠨ᠎ᠠ᠃ | ︵ᠲᠦᠷᠪᠡ︶ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠨ ᠵᠢᠷᠤᠮᠵᠢᠭᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠨᠣᠷᠮ᠎ᠠ 100% ᠪᠡᠶᠡᠯᠡᠭᠦᠯᠦᠨ᠎ᠡ᠃ ᠰᠢᠭᠦᠨ ᠲᠠᠰᠤᠯᠬᠤ ᠪᠠᠶᠢᠭᠤᠯᠭ᠎ᠠ ᠶᠢᠨ ᠬᠠᠤᠯᠢ | ᠴᠠᠭᠠᠵᠠ ᠶᠢᠨ ᠰᠠᠨᠠᠭᠤᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠦᠯᠢᠶᠡᠨ ᠠᠪᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠮᠡᠳᠡᠭᠦᠯᠦᠨ᠎ᠡ᠃ | ᠪᠠᠶᠢᠴᠠᠭᠠᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠳᠤ | ᠢᠳᠡᠪᠬᠢᠲᠡᠢ ᠬᠠᠮᠵᠢᠯᠴᠠᠵᠤ᠂ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠬᠦ ᠶᠢᠨ ᠬᠠᠮᠲᠤ ᠬᠠᠤᠯᠢ ᠶᠢ ᠵᠥᠷᠢᠴᠡᠭᠰᠡᠨ ᠠᠵᠢᠯᠯᠠᠭ᠎ᠠ ᠵᠠᠯᠠᠷᠠᠭᠤᠯᠤᠨ᠎ᠠ᠃ | | ᠨᠠᠢᠮᠠ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠲᠠᠯᠪᠢᠬᠤ ᠶᠢ ᠴᠢᠩᠭᠠᠳᠬᠠᠨ᠎ᠠ | ︵ᠨᠢᠭᠡ︶ ᠬᠢᠨᠠᠯᠲᠠ ᠲᠠᠯᠪᠢᠬᠤ ᠶᠢᠨ ᠶᠡᠷᠦᠩᠬᠡᠢ ᠦᠢᠯᠡᠳᠦᠯ ᠴᠢᠳᠠᠮᠵᠢ ᠶᠢ ᠴᠢᠩᠭᠠᠳᠬᠠᠵᠤ᠂ ᠬᠢᠨᠠᠯᠲᠠ ᠲᠠᠯᠪᠢᠬᠤ ᠨᠡᠶᠢᠯᠡᠯ ᠬᠦᠴᠦᠨ ᠢ | ᠪᠦᠷᠢᠯᠳᠦᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ | ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠵᠦᠪᠯᠡᠯᠭᠡ ᠶᠢ ᠬᠢᠨᠠᠮᠠᠭᠠᠢ ᠰᠤᠳᠤᠯᠤᠨ ᠰᠢᠢᠳᠪᠦᠷᠢᠯᠡᠨ᠎ᠡ᠃ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ ᠶᠢᠨ ᠬᠢᠨᠠᠯᠲᠠ ᠬᠢᠵᠠᠭᠠᠷᠯᠠᠯ ᠪᠠ ᠤᠯᠠᠨ ᠲᠦᠮᠡᠨ ᠤ ᠬᠢᠨᠠᠯᠲᠠ | ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠬᠤ ᠶᠢᠨ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ᠂ | ᠡᠳ᠋ ᠤᠨ ᠶᠠᠪᠤᠳᠠᠯ ᠨᠢᠭᠲᠠᠯᠠᠨ ᠪᠤᠳᠤᠬᠤ ᠶᠢᠨ ᠬᠢᠨᠠᠯᠲᠠ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠵᠡᠷᠭᠡ | ᠬᠢᠨᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠵᠠᠬᠢᠷᠭᠠᠨ ᠤ ᠡᠷᠬᠡ ᠬᠠᠤᠯᠢ ᠶᠣᠰᠣᠭᠠᠷ᠂ ᠵᠢᠷᠤᠮᠵᠢᠯ ᠲᠠᠢ᠂ ᠢᠯᠡ ᠲᠣᠳᠣ ᠶᠠᠪᠤᠭᠳᠠᠬᠤ ᠶᠢ | ᠪᠠᠲᠤᠯᠠᠨ᠎ᠠ᠃ | ︵ᠬᠤᠶᠠᠷ︶ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ ᠲᠠᠯ᠎ᠠ ᠪᠠᠷ ᠤᠬᠠᠮᠰᠠᠷ ᠠᠴᠠ ᠪᠠᠨ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠴᠢᠳᠠᠪᠤᠷᠢ ᠪᠠ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | | ᠶᠢᠰᠦ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠭᠠᠴᠢᠯᠠᠭᠰᠠᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ︵ᠨᠢᠭᠡ︶ ᠬᠠᠥᠯᠢᠵᠢᠯ ᠤᠨ ᠵᠠᠰᠠᠭ ᠤᠨ ᠣᠷᠳᠣᠨ ᠤ ᠲᠤᠭᠠᠴᠢᠯᠠᠭᠰᠠᠨ ᠪᠠᠶᠢᠭᠤᠯᠤᠯᠲᠠ ᠶᠢ ᠲᠦᠷᠭᠡᠳᠭᠡᠨ᠎ᠡ᠃ ᠪᠥᠬᠦ ᠬᠤᠲᠠ ᠶᠢᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ | ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠨᠢᠭᠡᠳᠦᠯᠲᠡᠶ | ᠲᠥᠯᠥᠪᠵᠢᠭᠦᠯᠭᠡ ᠶᠢ ᠴᠢᠩᠭᠠᠳᠬᠠᠵᠤ᠂ ᠡᠯ᠎ᠡ ᠲᠥᠷᠥᠯ ᠤᠨ ᠲᠤᠭ᠎ᠠ ᠪᠠᠷᠢᠮᠲᠠ᠂ ᠰᠦᠯᠵᠢᠶᠡᠨ ᠤ ᠲᠠᠪᠴᠠᠩ ᠪᠠ ᠮᠡᠳᠡᠭᠡ ᠵᠠᠩᠭᠢ ᠶᠢᠨ ᠰᠢᠰᠲ᠋ᠧᠮ ᠢ | ᠰᠢᠯᠢᠳᠡᠭᠵᠢᠭᠦᠯᠦᠨ ᠡᠮᠬᠢᠯᠡᠨ ᠨᠡᠶᠢᠳᠭᠡᠵᠦ᠂ ᠲᠤᠭ᠎ᠠ ᠪᠠᠷᠢᠮᠲᠠ ᠶᠢ ᠬᠠᠮᠲᠤᠪᠠᠷ ᠬᠡᠷᠡᠭᠯᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠤᠨ᠂ | ᠥᠨᠳᠥᠷ ᠪᠦᠲᠦᠮᠵᠢᠲᠡᠶ ᠠᠵᠢᠯᠯᠠᠬᠤ ᠠᠵᠢᠯ ᠤᠨ ᠲᠣᠭᠲᠠᠴᠠ ᠶᠢ ᠪᠣᠶ ᠪᠣᠯᠭᠠᠨ᠎ᠠ᠃ | ︵ᠬᠤᠶᠠᠷ︶ ᠲᠣᠭᠠᠴᠢᠯᠠᠭᠰᠠᠨ᠂ ᠮᠡᠳᠡᠭᠡ ᠵᠠᠩᠭᠢᠴᠢᠯᠠᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠤᠯᠤᠰ ᠤᠨ ︽ᠢᠨᠲ᠋ᠧᠷ ᠰᠦᠯᠵᠢᠶ᠎ᠡ + | ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠤᠲᠠ ᠶᠢᠨ ᠲᠣᠰ ᠱᠠᠲᠤᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠲᠤᠭ᠎ᠠ ᠪᠠᠷᠢᠮᠲᠠ ᠶᠢᠨ ᠬᠠᠷᠢᠯᠴᠠᠨ ᠨᠡᠪᠲᠡᠷᠡᠯᠴᠠᠵᠤ ᠲᠦᠪᠯᠡᠷᠡᠬᠦ ᠶᠢ ᠠᠬᠢᠭᠤᠯᠤᠨ᠎ᠠ᠃ | ᠠᠯᠤᠰ ᠬᠢᠨᠠᠨ ᠬᠠᠮᠢᠶᠠᠷᠤᠯᠲᠠ᠂ ᠨᠠᠭᠦᠳᠡᠯ ᠬᠢᠨᠠᠨ ᠬᠠᠮᠢᠶᠠᠷᠤᠯᠲᠠ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠪᠠᠷ ᠣᠨᠴᠠᠯᠢᠭ ᠪᠣᠯᠭᠠᠭᠰᠠᠨ | ᠲᠤᠬᠠᠶ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ᠂ ᠳᠠᠪᠬᠤᠷᠳᠠᠭᠰᠠᠨ ᠪᠤᠶᠤ ᠴᠢᠬᠤᠯᠠ ᠪᠤᠰᠤ ᠬᠢᠨᠠᠨ ᠬᠠᠮᠢᠶᠠᠷᠬᠤ | ᠵᠦᠢᠯᠡᠰ ᠢ ᠴᠦᠬᠡᠳᠭᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠠᠪᠴᠠᠩ ᠢ ᠪᠥᠬᠦ | ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠤᠶᠤᠨᠲᠤ ᠦᠵᠦᠭᠦᠷ ᠢ ᠢᠳᠡᠪᠬᠢᠲᠡᠢ ᠬᠡᠷᠡᠭᠯᠡᠨ ᠬᠠᠥᠯᠢ | ᠬᠡᠷᠡᠭᠵᠢᠭᠦᠯᠬᠦ ᠳᠤ ᠲᠤᠰᠠᠯᠠᠮᠵᠢ ᠪᠤᠯᠭᠠᠨ᠎ᠠ᠃ | | ᠠᠷᠪᠠ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠤᠨ ᠡᠷᠴᠢᠮ ᠢ ᠴᠢᠩᠭᠠᠳᠬᠠᠨ᠎ᠠ | ︵ᠨᠢᠭᠡ︶ ᠬᠠᠥᠯᠢᠵᠢᠯ ᠤᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠥᠯᠢᠵᠢᠯ ᠤᠨ ᠦᠳᠭᠡᠨ ᠵᠤᠵᠠᠭᠠᠨ ᠠᠭᠤᠷ ᠠᠮᠢᠰᠬᠤᠯ ᠢ ᠪᠤᠢ | ᠪᠣᠯᠭᠠᠨ᠎ᠠ᠃ ᠬᠠᠤᠯᠢ ᠴᠠᠭᠠᠵᠠ ᠶᠢ ᠲᠦᠭᠡᠮᠡᠯᠵᠢᠭᠦᠯᠬᠦ ︽ᠨᠠᠢᠮᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ ︽ᠬᠡᠨ ᠬᠠᠤᠯᠢ ᠬᠡᠷᠡᠭᠵᠢᠭᠦᠯᠪᠡᠯ᠂ ᠬᠡᠨ ᠬᠠᠤᠯᠢ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ | ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠲᠣᠭᠲᠠᠭᠠᠨ᠎ᠠ᠃ | ︽ᠰᠠᠶᠢᠨ ᠰᠠᠶᠢᠬᠠᠨ ᠠᠮᠢᠳᠤᠷᠠᠯ ᠳᠤ ᠢᠷᠭᠡᠨ ᠤ ᠬᠠᠤᠯᠢ ᠶᠢᠨ ᠪᠢᠴᠢᠭ ᠬᠠᠨᠢ ᠪᠤᠯᠬᠤ︾ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠰᠠᠷ᠎ᠠ︾ ︽ᠦᠨᠳᠦᠰᠦᠲᠡᠨ ᠤ ᠬᠠᠥᠯᠢᠵᠢᠯ ᠤᠨ ᠤᠬᠠᠭᠤᠯᠭ᠎ᠠ ᠶᠢᠨ ᠭᠠᠷᠠᠭ︾ ᠵᠡᠷᠭᠡ ᠰᠢᠷᠢᠰ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ | ᠪᠠᠲᠤᠲᠠᠶ ᠥᠷᠨᠢᠭᠦᠯᠦᠨ᠎ᠡ᠃ ᠬᠠᠥᠯᠢᠵᠢᠯ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠭᠤᠴᠢᠯᠠᠭᠤᠷ ᠤᠨ | ᠨᠡᠶᠢᠲᠡ ᠶᠢᠨ ᠠᠰᠠᠷᠠᠮᠵᠢ ᠶᠢᠨ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ᠎ᠠ᠃ ᠰᠤᠷᠭᠠᠭᠤᠯᠢ ᠶᠢᠨ ᠬᠠᠤᠯᠢᠵᠢᠯ ᠤᠨ ᠰᠣᠶᠣᠯ ᠤᠨ | ᠪᠠᠶᠢᠭᠤᠯᠤᠯᠲᠠ ᠶᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠬᠤᠶᠠᠷ︶ ᠤᠳᠤᠷᠢᠳᠬᠤ ᠺᠠᠳ᠋ᠷᠴᠤᠳ ᠤᠨ ᠪᠡᠶ᠎ᠡ ᠪᠠᠷ ᠢᠶᠠᠨ ᠲᠦᠷᠦᠭᠦᠯᠡᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠶᠢ ᠲᠦᠯᠬᠢᠨ ᠠᠬᠢᠭᠤᠯᠤᠨ᠎ᠠ᠃ | ︽ᠬᠥᠬᠡᠬᠤᠲᠠ ᠶᠢᠨ ︿ᠤᠳᠤᠷᠢᠳᠬᠤ ᠺᠠᠳ᠋ᠷᠴᠤᠳ ᠤᠨ ᠬᠠᠤᠯᠢ ᠰᠤᠷᠴᠤ ᠬᠠᠤᠯᠢ ᠬᠡᠷᠡᠭᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ | ᠬᠡᠷᠡᠭᠵᠢᠭᠦᠯᠬᠦ ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ︵ᠬᠥᠬᠡᠬᠤᠲᠠ ᠬᠠᠤᠯᠢ ᠪᠠᠷ ᠬᠤᠲᠠ ᠶᠢ ᠵᠠᠰᠠᠬᠤ ᠠᠯᠪᠠᠨ ︹ | 2022 ︺ 2 ᠳ᠋ᠤᠭᠠᠷ ᠲᠣᠭᠠᠲᠤ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷᠴᠤᠳ ᠤᠨ ᠬᠠᠤᠯᠢ ᠰᠤᠷᠬᠤ ᠲᠤᠲᠤᠷᠬᠠᠢ | ᠬᠠᠭᠤᠳᠠᠰᠤ ᠪᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ ᠤ ᠮᠡᠳᠡᠪᠡᠯ ᠵᠣᠬᠢᠬᠤ ᠴᠢᠳᠠᠪᠠᠯ ᠵᠤᠬᠢᠬᠤ ᠬᠠᠤᠯᠢ ᠴᠠᠭᠠᠵᠠ ᠬᠠᠤᠯᠢ ᠲᠣᠭᠲᠠᠭᠠᠯ ᠤᠨ | ᠲᠤᠲᠤᠷᠬᠠᠢ ᠬᠠᠭᠤᠳᠠᠰᠤ ᠶᠢ ᠪᠠᠶᠢᠭᠤᠯᠵᠤ᠂ ᠤᠳᠤᠷᠢᠳᠬᠤ ᠺᠠᠳ᠋ᠷᠴᠤᠳ ᠤᠨ ᠲᠤᠰᠬᠠᠶ ᠰᠡᠳᠦᠪᠲᠦ ᠬᠠᠥᠯᠢᠵᠢᠯ ᠤᠨ ᠲᠠᠶᠢᠯᠤᠮᠵᠢ ᠶᠢ ᠵᠢᠯ ᠳᠤ ᠬᠠᠮᠤᠭ ᠪᠠᠭ᠎ᠠ | ᠳᠠᠭᠠᠨ ᠬᠤᠶᠠᠷ ᠬᠤᠭᠤᠴᠠᠭ᠎ᠠ ᠡᠷᠭᠢᠯᠡᠨ᠎ᠡ᠃ | | ᠠᠷᠪᠠᠨ ᠨᠢᠭᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ | ︵ᠨᠢᠭᠡ︶ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠱᠠᠲᠤᠨ ᠤ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠠ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠬᠠᠥᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠦᠯᠬᠢᠨ ᠠᠬᠢᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ | ᠦᠨᠡᠨᠬᠦ ᠭᠦᠢᠴᠡᠳᠬᠡᠵᠦ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠲᠥᠯᠥᠪᠯᠡᠨ | ᠨᠠᠶᠢᠳᠠᠪᠤᠷᠢᠵᠢᠭᠤᠯᠬᠤ ᠨᠠᠶᠢᠳᠠᠪᠤᠷᠢᠵᠢᠭᠤᠯᠤᠨ᠎ᠠ᠃ | ︵ᠬᠤᠶᠠᠷ︶ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠪᠠ ᠦᠨᠡᠯᠡᠨ ᠰᠢᠯᠭᠠᠬᠤ ᠠᠵᠢᠯ ᠢ | ᠴᠢᠩᠭᠠᠳᠬᠠᠨ᠎ᠠ᠃ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠵᠢᠯ ᠤᠨ ᠡᠴᠦᠰ ᠤᠨ ᠦᠨᠡᠯᠡᠨ ᠰᠢᠯᠭᠠᠬᠤ ᠪᠠ ᠭᠤᠣᠯ | ᠬᠠᠷᠢᠭᠤᠴᠠᠯᠭᠠᠲᠠᠨ ᠤ ᠬᠠᠤᠯᠢ ᠶᠢᠨ ᠲᠣᠭᠠᠴᠢᠯᠲᠠ ᠶᠢᠨ ᠠᠭᠤᠯᠭ᠎ᠠ ᠳᠤ ᠤᠷᠤᠭᠤᠯᠤᠨ᠎ᠠ᠃ ︽ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠬᠢᠭᠡᠳ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠪᠠᠶᠢᠴᠠᠭᠠᠬᠤ ᠲᠣᠭᠲᠠᠭᠠᠯ︾ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠬᠠᠥᠯᠢᠵᠢᠯ ᠤᠨ | ᠰᠢᠮᠳᠠᠭᠤᠯᠤᠨ ᠪᠠᠶᠢᠴᠠᠭᠠᠯᠲᠠ ᠶᠢ ᠴᠠᠭ ᠲᠣᠬᠢᠷᠠᠭᠤᠯᠤᠨ ᠵᠣᠬᠢᠶᠠᠨ ᠪᠠᠶᠢᠭᠤᠯᠵᠤ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠳᠦᠯᠬᠢᠨ ᠠᠬᠢᠭᠤᠯᠤᠨ᠎ᠠ᠃ | ︵ᠭᠤᠷᠪᠠ︶ ᠬᠠᠥᠯᠢᠵᠢᠯ ᠤᠨ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠥᠯᠢᠵᠢᠯ ᠤᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ᠂ ᠬᠥᠮᠦᠵᠢᠭᠦᠯᠬᠦ᠂ ᠬᠡᠷᠡᠭᠯᠡᠬᠦ ᠪᠠ ᠬᠠᠮᠢᠶᠠᠷᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠬᠠᠤᠯᠢ | ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠬᠠᠤᠯᠢ ᠪᠠᠷ ᠵᠠᠰᠠᠬᠤ ᠳᠤ ᠬᠢᠨᠠᠯᠲᠠ ᠲᠠᠯᠪᠢᠬᠤ ᠵᠡᠷᠭᠡ ᠬᠠᠥᠯᠢᠵᠢᠯ ᠤᠨ ᠲᠤᠰᠬᠠᠶ ᠡᠩᠨᠡᠭᠡᠨ ᠤ | ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠴᠢᠬᠤᠯᠠ ᠶᠡᠭᠡ ᠬᠠᠤᠯᠢ | ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠵᠡᠷᠭᠡ ᠰᠠᠭᠤᠷᠢ | ᠴᠢᠨᠠᠷᠲᠠᠶ ᠠᠵᠢᠯ ᠤᠨ ᠤᠷᠤᠭᠰᠢᠲᠠᠶ ᠥᠷᠨᠢᠬᠦ ᠶᠢ ᠪᠠᠲᠤᠯᠠᠨ᠎ᠠ᠃ |