ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄ | ᠮᠠᠨ ᠤ ᠬᠤᠲᠠ ᠶᠢᠨ ᠪᠥᠬᠦ ᠠᠷᠠᠳ ᠢ ᠳᠠᠭᠠᠳᠬᠠᠯ ᠳᠤ ᠣᠷᠤᠯᠴᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠥᠬᠦ ᠠᠷᠠᠳ ᠤᠨ | ᠳᠠᠭᠠᠳᠬᠠᠯ ᠳᠤ ᠣᠷᠤᠯᠴᠠᠬᠤ ᠨᠣᠷᠮ᠎ᠠ ᠪᠠ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠨᠣᠷᠮ᠎ᠠ ︵ᠳᠣᠷᠣᠭᠰᠢ ︽ᠬᠤᠣᠰ | ᠨᠣᠷᠮ᠎ᠠ︾ ᠭᠡᠵᠦ ᠲᠣᠪᠴᠢᠯᠠᠨ᠎ᠠ︶ ᠶᠢ ᠲᠦᠷᠭᠡᠨ ᠳᠡᠭᠡᠭᠰᠢᠯᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠷᠠᠯᠲᠠᠲᠤ ᠡᠭᠦᠷᠭᠡ ᠶᠢᠨ ᠱᠠᠭᠠᠷᠳᠠᠯᠭ᠎ᠠ ᠶᠢ | ᠲᠦᠷᠭᠡᠬᠡᠨ ᠪᠡᠶᠡᠯᠡᠭᠦᠯᠬᠦ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠣᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠃ | ᠨᠢᠭᠡ᠂ ᠠᠵᠢᠯ ᠤᠨ ᠬᠠᠷᠠᠯᠲᠠ | ᠤᠯᠤᠰ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠨᠣᠷᠮ᠎ᠠ ᠶᠢ 95% | ᠠᠴᠠ ᠳᠡᠭᠡᠭᠰᠢ ᠳᠤ ᠪᠠᠶᠢᠯᠭᠠᠵᠤ᠂ ᠲᠤᠯᠤᠭᠠᠨ ᠲᠥᠷᠥᠯ ᠤᠨ ᠬᠦᠴᠢᠷᠳᠡᠯᠲᠡᠢ ᠬᠥᠮᠥᠰ ᠤᠨ ᠳᠠᠭᠠᠳᠬᠠᠯ ᠳᠤ ᠣᠷᠤᠯᠴᠠᠬᠤ ᠨᠣᠷᠮ᠎ᠠ ᠶᠢ 100 % ᠳᠤ | ᠬᠦᠷᠦᠭᠦᠯᠵᠦ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠭᠰᠠᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ | ᠃ | ᠬᠤᠶᠠᠷ᠂ ᠡᠭᠦᠷᠭᠡ ᠶᠢᠨ ᠬᠤᠪᠢᠶᠠᠷᠢᠯᠠᠯ | ︵ᠨᠢᠭᠡ︶ ᠪᠥᠬᠦ ᠠᠷᠠᠳ ︵ᠬᠦᠴᠢᠷᠳᠡᠯᠲᠡᠢ ᠬᠦᠮᠦᠰ︶ ᠤᠨ ᠳᠠᠭᠠᠳᠬᠠᠯ ᠳᠤ ᠣᠷᠤᠯᠴᠠᠬᠤ ᠨᠣᠷᠮ᠎ᠠ ᠶᠢ ᠳᠡᠭᠡᠭᠰᠢᠯᠡᠭᠦᠯᠦᠨ᠎ᠡ | 1. ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ︵ᠵᠡᠭᠡᠯᠢ | ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠠᠷᠢᠭᠤᠴᠠᠨ ᠪᠠᠶᠢᠭᠤᠯᠵᠤ᠂ ᠪᠥᠬᠦ | ᠠᠷᠠᠳ ᠤᠨ ᠳᠠᠭᠠᠳᠬᠠᠯ ᠳᠤ ᠣᠷᠤᠯᠴᠠᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ︔ ᠳᠠᠭᠠᠳᠬᠠᠯ ᠳᠤ ᠣᠷᠣᠯᠴᠠᠭᠰᠠᠨ ᠰᠠᠭᠤᠷᠢ ᠲᠤᠭ᠎ᠠ ᠶᠢ | ᠣᠨᠣᠪᠴᠢᠲᠠᠶ ᠡᠵᠡᠮᠰᠢᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠭᠰᠠᠨ ᠡᠬᠡ ᠲᠠᠩᠰᠠ ᠶᠢ ᠪᠠᠶᠢᠭᠤᠯᠬᠤ ᠬᠡᠷᠡᠭᠲᠡᠢ︔ ᠬᠠᠷᠢᠶ᠎ᠠ ᠣᠷᠣᠨ ᠤ ᠡᠳᠦᠷ | ᠪᠦᠷᠢ ᠶᠢᠨ ᠳᠠᠭᠠᠳᠬᠠᠯ ᠳᠤ ᠣᠷᠣᠯᠴᠠᠭᠰᠠᠨ ᠬᠥᠳᠡᠯᠦᠩᠭᠦᠢ ᠲᠤᠭ᠎ᠠ ᠪᠠᠷᠢᠮᠲᠠ ᠪᠠ ᠨᠡᠷᠡᠰ ᠤᠨ ᠵᠢᠭᠰᠠᠭᠠᠯᠲᠠ ᠶᠢᠨ ᠪᠠᠶᠢᠳᠠᠯ ᠢ ᠵᠠᠷᠯᠠᠨ᠎ᠠ︔ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠨᠢ ᠬᠠᠷᠢᠶ᠎ᠠ ᠣᠷᠣᠨ ᠤ ᠪᠠᠨ ᠬᠥᠮᠥᠨ ᠬᠡᠷᠡᠭᠯᠡᠬᠦ ᠨᠢᠭᠡᠴᠡ ᠶᠢᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ | ᠣᠷᠤᠯᠴᠠᠭᠰᠠᠨ ᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃ | 2. ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠳᠠᠭᠠᠳᠬᠠᠯ ᠳᠤ ᠣᠷᠣᠯᠴᠠᠭᠰᠠᠳ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ | ᠴᠤᠭᠯᠠᠭᠤᠯᠬᠤ᠂ ᠬᠠᠷᠢᠴᠠᠭᠤᠯᠬᠤ᠂ ᠪᠦᠷᠢᠳᠬᠡᠬᠦ ᠶᠢ ᠬᠠᠷᠢᠭᠤᠴᠠᠵᠤ᠂ ᠳᠠᠭᠠᠳᠬᠠᠯ ᠳᠤ ᠣᠷᠣᠯᠴᠠᠭᠰᠠᠨ ᠦᠭᠡᠢ ᠮᠠᠳᠠᠭ ᠲᠠᠢ ᠬᠥᠮᠥᠰ ᠤᠨ ᠮᠡᠳᠡᠭᠡ ᠵᠠᠩᠭᠢ ᠶᠢ | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠶᠤ ᠬᠤᠲᠠ ᠶᠢᠨ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠬᠤᠪᠢᠶᠠᠷᠢᠯᠠᠨ ᠲᠠᠷᠬᠠᠭᠠᠨ᠎ᠠ︔ ᠪᠥᠬᠦ ᠬᠤᠲᠠ ᠶᠢᠨ ᠡᠳᠦᠷ ᠪᠦᠷᠢ ᠶᠢᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠤᠨ ᠲᠤᠭ᠎ᠠ ᠪᠠᠷᠢᠮᠲᠠ | ᠪᠠ ᠨᠡᠷᠡᠰ ᠤᠨ ᠵᠢᠭᠰᠠᠭᠠᠯᠲᠠ ᠶᠢ ᠵᠠᠷᠯᠠᠨ᠎ᠠ︔ ᠲᠣᠰ ᠱᠠᠲᠤᠨ ᠤ ᠬᠥᠮᠥᠨ ᠬᠡᠷᠡᠭᠯᠡᠬᠦ ᠨᠢᠭᠡᠴᠡ ᠶᠢᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ | ᠣᠷᠣᠯᠴᠠᠭᠰᠠᠨ ᠢ ᠬᠢᠨᠠᠨ ᠬᠠᠷᠭᠤᠭᠤᠯᠬᠤ ᠠᠵᠢᠯ ᠢ ᠪᠥᠬᠦ ᠲᠠᠯ᠎ᠠ ᠪᠠᠷ ᠥᠷᠨᠢᠬᠦᠯᠦᠨ᠎ᠡ︔ ᠪᠦᠬᠦ ᠠᠷᠠᠳ ᠤᠨ ᠳᠠᠭᠠᠳᠬᠠᠯ ᠳᠤ ᠣᠷᠤᠯᠴᠠᠬᠤ ᠠᠵᠢᠯ ᠤᠨ | ᠪᠣᠯᠪᠠᠰᠤᠷᠠᠭᠤᠯᠤᠯ ᠤᠨ ᠵᠢᠯᠣᠭᠤᠳᠤᠯᠭ᠎ᠠ ᠪᠠ ᠲᠤᠬᠠᠢ ᠶᠢᠨ ᠭᠠᠵᠠᠷ ᠲᠤᠨᠢ ᠰᠢᠮᠳᠠᠭᠤᠯᠤᠨ ᠵᠢᠯᠤᠭᠤᠳᠬᠤ ᠠᠵᠢᠯ ᠢ ᠥᠷᠨᠢᠬᠦᠯᠦᠨ᠎ᠡ᠃ | 3. ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠭᠠᠶᠢᠯᠢ ᠶᠢᠨ ᠶᠠᠪᠤᠳᠠᠯ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠳ ᠵᠣᠯᠭᠠᠭᠤᠯᠤᠨ ᠬᠤᠯᠪᠣᠭᠠᠯᠠᠬᠤ ᠲᠣᠭᠲᠠᠴᠠ ᠶᠢ ᠪᠠᠶᠢᠭᠤᠯᠤᠨ᠎ᠠ︔ | ᠮᠡᠳᠡᠭᠡ ᠵᠠᠩᠭᠢ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠲᠤᠪᠠᠷ ᠬᠡᠷᠡᠭᠯᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠢᠳᠡᠪᠬᠢᠲᠡᠢ ᠠᠬᠢᠭᠤᠯᠤᠨ᠎ᠠ︔ ᠡᠯ᠎ᠡ ᠲᠥᠷᠥᠯ ᠤᠨ ᠳᠠᠭᠠᠳᠬᠠᠯ ᠳᠤ | ᠣᠷᠣᠯᠴᠠᠭᠰᠠᠳ ᠤᠨ ᠰᠠᠭᠤᠷᠢ ᠲᠤᠭ᠎ᠠ ᠪᠠ ᠲᠠᠷᠬᠠᠯᠲᠠ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠎ᠡ᠃ ᠰᠠᠷ᠎ᠠ ᠪᠦᠷᠢ ᠶᠢᠨ 15 ᠤ ᠡᠳᠦᠷ᠂ ᠬᠤᠳᠠ ᠶᠢᠨ | ᠠᠷᠠᠳ ᠤᠨ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠬᠦᠴᠢᠷᠳᠡᠯᠲᠡᠢ | ᠤᠯᠠᠨ ᠲᠦᠮᠡᠨ ᠤ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠴᠠᠭ ᠲᠠᠭᠠᠨ ᠳᠠᠮᠵᠢᠭᠤᠯᠤᠨ ᠬᠦᠷᠭᠡᠬᠦ ᠬᠡᠷᠡᠭᠲᠡᠢ︔ ᠬᠤᠳᠠ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠳᠠᠭᠠᠳᠬᠠᠯ ᠳᠤ ᠣᠷᠣᠯᠴᠠᠭᠰᠠᠨ | ᠲᠤᠭ᠎ᠠ ᠪᠠᠷᠢᠮᠲᠠ ᠶᠢ ᠰᠢᠭᠰᠢᠨ ᠪᠠᠶᠢᠴᠠᠭᠠᠵᠤ ᠬᠠᠷᠢᠴᠠᠭᠤᠯᠬᠤ ᠶᠢᠨ ᠬᠠᠮᠲᠤ 20 ᠤ ᠡᠳᠦᠷ ᠠᠴᠠ ᠡᠮᠦᠨ᠎ᠡ ᠵᠠᠳᠠᠯᠤᠨ ᠬᠠᠷᠢᠴᠠᠭᠤᠯᠤᠭᠰᠠᠨ ᠤ ᠳᠠᠷᠠᠭᠠᠬᠢ | ᠳᠠᠭᠠᠳᠬᠠᠯ ᠳᠤ ᠣᠷᠣᠯᠴᠠᠭᠰᠠᠨ ᠦᠭᠡᠢ ᠮᠠᠳᠠᠭ ᠲᠠᠢ ᠲᠤᠭ᠎ᠠ ᠪᠠᠷᠢᠮᠲᠠ ᠶᠢ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ | ᠮᠥᠴᠢᠷ ᠲᠤ ᠬᠦᠷᠭᠡᠨ ᠥᠭᠴᠦ᠂ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ︽ᠬᠡᠨ ᠮᠠᠭᠠᠳᠯᠠᠨ | ᠲᠣᠭᠲᠠᠭᠠᠭᠰᠠᠨ ᠪᠣᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠲᠤ ᠬᠦᠷᠭᠡᠨ ᠥᠭᠴᠦ᠂ ᠬᠤᠯᠪᠤᠭᠳᠠᠯ ᠪᠦᠬᠦᠢ | ᠰᠠᠯᠠᠭ᠎ᠠ ᠮᠥᠴᠢᠷ ᠠᠴᠠ ᠳᠠᠭᠠᠳᠬᠠᠯ ᠳᠤ ᠣᠷᠣᠯᠴᠠᠭᠤᠯᠬᠤ ᠪᠠᠷ ᠳᠠᠶᠢᠴᠢᠯᠠᠨ᠎ᠠ᠃ | ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠬᠥᠬᠡᠬᠤᠲᠠ ᠳᠤ ᠪᠠᠶᠢᠭ᠎ᠠ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠢᠳᠡᠪᠬᠢᠲᠡᠢ | ᠬᠠᠪᠰᠤᠷᠤᠨ ᠪᠣᠳᠠᠲᠠᠶᠢᠵᠢᠭᠤᠯᠵᠤ᠂ ᠰᠤᠷᠭᠠᠭᠤᠯᠢ ᠠᠴᠠ ᠰᠤᠷᠤᠭᠴᠢᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠳᠠᠭᠠᠳᠬᠠᠯ ᠤᠨ | ᠰᠦᠢᠳᠬᠡᠯ ᠢ ᠣᠷᠣᠯᠠᠨ ᠬᠤᠷᠢᠶᠠᠵᠤ ᠣᠷᠣᠯᠠᠨ ᠲᠤᠰᠢᠶᠠᠬᠤ ᠶᠢ ᠨᠢᠭᠡᠳᠦᠯᠲᠡᠢ ᠵᠣᠬᠢᠶᠠᠨ ᠪᠠᠶᠢᠭᠤᠯᠵᠤ᠂ ᠶᠡᠭᠡ ᠳᠡᠭᠡᠳᠦ ᠳᠤᠮᠳᠠᠳᠤ ᠪᠠᠭ᠎ᠠ ᠰᠤᠷᠭᠠᠭᠤᠯᠢ ︵ | ᠬᠡᠦᠬᠡᠳ ᠤᠨ ᠴᠡᠴᠡᠷᠯᠢᠭ︶ ᠶᠢᠨ ᠰᠣᠷᠣᠭᠴᠢ ︵ᠬᠡᠦᠬᠡᠳ︶ ᠶᠢᠨ ᠳᠠᠭᠠᠳᠬᠠᠯ ᠳᠤ ᠣᠷᠤᠯᠴᠠᠬᠤ ᠶᠣᠰᠣᠲᠠᠢ ᠶᠢ ᠪᠦᠬᠦᠨ ᠢ ᠣᠷᠤᠯᠴᠠᠭᠤᠯᠬᠤ ᠶᠢ ᠦᠨᠡᠨᠬᠦ | ᠪᠠᠲᠤᠯᠠᠬᠤ ᠬᠡᠷᠡᠭᠲᠡᠢ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠶᠡᠭᠡ | ᠳᠡᠭᠡᠳᠦ ᠰᠤᠷᠭᠠᠭᠤᠯᠢ ᠶᠢᠨ ᠬᠠᠮᠢᠶᠠᠷᠤᠯᠲᠠ ᠶᠢᠨ ᠭᠠᠵᠠᠷ ᠲᠠᠰᠤᠭ ᠢ ᠬᠠᠪᠰᠤᠷᠤᠨ ᠵᠣᠬᠢᠴᠠᠭᠤᠯᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠬᠥᠬᠡᠬᠤᠲᠠ ᠳᠤ ᠪᠠᠶᠢᠭᠠᠶᠡᠭᠡ ᠳᠡᠭᠡᠳᠦ ᠰᠤᠷᠭᠠᠭᠤᠯᠢ ᠶᠢᠨ ᠪᠥᠬᠦ ᠤᠶᠤᠲᠠᠳ ᠤᠨ ᠳᠠᠭᠠᠳᠬᠠᠯ ᠳᠤ ᠣᠷᠤᠯᠴᠠᠬᠤ ᠠᠵᠢᠯ ᠢ ᠨᠢᠭᠡ ᠴᠤᠭᠴᠠᠵᠢᠭᠤᠯᠤᠨ | ᠠᠬᠢᠭᠤᠯᠬᠤ ᠬᠡᠷᠡᠭᠲᠡᠢ᠃ | ︵ᠬᠤᠶᠠᠷ︶ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠨᠣᠷᠮ᠎ᠠ ᠶᠢ ᠲᠦᠷᠭᠡᠳᠬᠡᠨ ᠠᠬᠢᠭᠤᠯᠤᠨ᠎ᠠ | 1. ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠣᠰ ᠬᠠᠷᠢᠶ᠎ᠠ ᠣᠷᠣᠨ ᠤ ᠪᠠᠨ ᠰᠢᠶᠠᠩ ᠪᠠᠯᠭᠠᠰᠤ ︵ᠵᠡᠭᠡᠯᠢ | ᠭᠤᠳᠤᠮᠵᠢ︶ ᠶᠢᠨ ᠠᠵᠢᠯᠲᠠᠨ᠂ ᠲᠣᠰᠬᠤᠨ ︵ᠨᠡᠶᠢᠭᠡᠮ ᠲᠣᠭᠤᠷᠢᠭ︶ ᠤ ᠲᠣᠣᠷᠵᠢᠭᠰᠠᠨ ᠬᠠᠮᠢᠶᠠᠷᠤᠯᠲᠠ ᠶᠢᠨ ᠠᠵᠢᠯᠲᠠᠨ᠂ ᠲᠣᠰᠬᠤᠨ ᠳᠤ ᠰᠠᠭᠤᠭ᠎ᠠ ᠺᠠᠳ᠋ᠷ | ᠵᠡᠷᠭᠡ ᠦᠨᠳᠦᠰᠦᠨ ᠱᠠᠲᠤᠨ ᠤ ᠠᠵᠢᠯᠲᠠᠨ ᠢ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨᠠᠬᠢ ᠠᠷᠭ᠎ᠠ ᠮᠠᠶ᠋ᠢᠭ ᠢᠶᠠᠷ | ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠨ ᠬᠡᠷᠡᠭᠯᠡᠬᠦ ᠤᠬᠠᠭᠤᠯᠭ᠎ᠠ ᠶᠢᠨ ᠮᠠᠲ᠋ᠧᠷᠢᠶᠠᠯ ᠢ ᠬᠦᠷᠭᠡᠵᠦ᠂ | ᠬᠠᠷᠢᠶ᠎ᠠ ᠣᠷᠣᠨ ᠤ ᠳᠠᠭᠠᠳᠬᠠᠯ ᠳᠤ ᠣᠷᠣᠯᠴᠠᠭᠰᠠᠳ ᠤᠨ ᠪᠠᠭᠤᠯᠭᠠᠵᠤ ᠠᠮᠢᠯᠠᠭᠤᠯᠤᠨ ᠬᠡᠷᠡᠭᠯᠡᠬᠦ ᠳᠤ ᠬᠠᠪᠰᠤᠷᠤᠨ᠂ ᠡᠷᠦᠬᠡ ᠳᠠᠷᠠᠭᠠᠯᠠᠨ ᠬᠥᠮᠥᠨ ᠳᠠᠷᠠᠭᠠᠯᠠᠨ | ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠨ ᠬᠡᠷᠡᠭᠯᠡᠵᠦ ᠪᠠᠶᠢᠭ᠎ᠠ ᠪᠠᠶᠢᠳᠠᠯ ᠢ ᠪᠦᠷᠢᠳᠬᠡᠵᠦ᠂ ᠵᠢᠭᠰᠠᠭᠠᠨ ᠪᠠᠶᠢᠴᠠᠭᠠᠨ᠎ᠠ᠃ | 2.ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ ᠪᠥᠬᠦ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ | ᠪᠠᠷᠢᠮᠲᠠ ᠶᠢ ᠠᠮᠢᠯᠠᠭᠤᠯᠤᠨ ᠬᠡᠷᠡᠭᠯᠡᠬᠦ ᠠᠵᠢᠯ ᠢ ᠠᠬᠢᠭᠤᠯᠤᠨ᠎ᠠ︔ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠬᠡᠷᠡᠭᠯᠡᠯᠲᠡ ᠶᠢᠨ | ᠪᠣᠯᠪᠠᠰᠤᠷᠠᠭᠤᠯᠤᠯ ᠢ ᠥᠷᠨᠢᠭᠦᠯᠦᠨ᠎ᠡ︔ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠵᠣᠬᠢᠶᠠᠨ | ᠦᠢᠯᠡᠳᠴᠦ ᠲᠠᠷᠬᠠᠭᠠᠨ᠎ᠠ︔ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠲᠤᠬᠠᠢ ᠶᠢᠨ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠬᠢᠯᠪᠠᠷ ᠣᠶᠢᠯᠠᠭᠠᠮᠵᠢᠲᠠᠢ᠂ ᠦᠵᠡᠵᠦ ᠰᠣᠨᠢᠷᠬᠠᠬᠤ ᠳᠤᠷᠠᠲᠠᠢ᠂ ᠠᠦ᠋ᠳᠢᠤ᠋᠂ ᠸᠢᠳᠢᠤ᠋ ᠪᠢᠴᠢᠯᠭᠡ ᠶᠢ ᠦᠢᠯᠡᠳᠴᠦ᠂ ᠲᠣᠰᠬᠤᠨ | ᠪᠣᠯᠭᠠᠨ ᠳᠤ ᠨᠡᠪᠲᠡᠷᠡᠬᠦ ᠷᠠᠳᠢᠤ᠋᠂ ᠴᠣᠣᠷᠢᠶ᠎ᠠ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | 3. ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠨᠢ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢ ᠵᠣᠬᠢᠶᠠᠨ | ᠪᠠᠶᠢᠭᠤᠯᠵᠤ ᠥᠷᠭᠡᠨ ᠣᠯᠠᠨ ᠪᠠᠭᠰᠢ ᠰᠤᠷᠤᠭᠴᠢᠳ ᠲᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠨ ᠬᠡᠷᠡᠭᠯᠡᠬᠦ ᠶᠠᠪᠤᠴᠠ᠂ | ᠬᠡᠷᠡᠭᠯᠡᠬᠦ ᠪᠠᠶᠢᠳᠠᠯ ᠢ ᠤᠬᠠᠭᠤᠯᠵᠤ᠂ ᠰᠤᠷᠭᠠᠭᠤᠯᠢ ᠳᠤ ᠪᠠᠶᠢᠭ᠎ᠠ ᠰᠣᠷᠣᠭᠴᠢ ᠵᠢᠴᠢ ᠭᠡᠷ ᠪᠦᠯᠢ ᠶᠢᠨ ᠪᠦᠷᠢᠯᠳᠦᠭᠦᠨ ᠤ ᠡᠮᠴᠢᠯᠡᠭᠡᠨ ᠤ ᠳᠠᠭᠠᠳᠬᠠᠯ ᠤᠨ | ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠭᠰᠠᠨ ᠨᠣᠷᠮ᠎ᠠ ᠶᠢ 100% ᠳᠤ ᠬᠦᠷᠦᠭᠦᠯᠬᠦ ᠶᠢ ᠠᠬᠢᠭᠤᠯᠬᠤ ᠬᠡᠷᠡᠭᠲᠡᠢ᠃ | 4. ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠦᠬᠦ ᠬᠤᠲᠠ ᠶᠢᠨ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ 134 ᠪᠦᠬᠦ ᠬᠡᠮᠵᠢᠶᠡᠨ ᠤ ᠵᠠᠯᠭᠠᠭᠠᠰᠤ ᠶᠢ ᠦᠭᠡᠷᠡᠴᠢᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠰᠢᠰᠲ᠋ᠧᠮ᠂ ᠭᠤᠷᠪᠠᠳᠠᠭᠢ ᠡᠲᠡᠭᠡᠳ ᠤᠨ ᠠᠷᠭ᠎ᠠ ᠵᠠᠮ ᠤᠨ ᠰᠢᠰᠲ᠋ᠧᠮ᠂ ᠲᠤᠭᠲᠠᠭᠰᠠᠨ ᠴᠡᠭ ᠤᠨ ᠡᠮ | ᠡᠮᠨᠡᠯᠭᠡ ᠶᠢᠨ ᠪᠠᠶᠢᠭᠤᠯᠤᠮᠵᠢ ᠶᠢᠨ ᠰᠢᠰᠲ᠋ᠧᠮ ᠢ ᠡᠮᠴᠢᠯᠡᠭᠡᠨ ᠤ ᠳᠠᠭᠠᠳᠬᠠᠯ ᠤᠨ ᠰᠢᠯᠵᠢᠮᠡᠯ ᠲᠣᠭᠠᠴᠠᠭ᠎ᠠ ᠬᠢᠬᠦ ᠲᠥᠪ ᠲᠤ ᠵᠡᠷᠭᠡᠪᠡᠷ ᠵᠠᠯᠭᠠᠨ ᠣᠷᠣᠭᠤᠯᠵᠤ᠂ | ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠳ᠋ᠤᠭᠠᠷᠯᠠᠬᠤ᠂ ᠡᠮᠨᠡᠭᠦᠯᠬᠦ᠂ ᠲᠣᠭᠠᠴᠠᠭ᠎ᠠ ᠬᠢᠬᠦ᠂ ᠡᠮ ᠠᠪᠬᠤ᠂ ᠮᠡᠳᠡᠭᠦᠯᠦᠯᠲᠡ ᠠᠪᠬᠤ | ᠵᠡᠷᠭᠡ ᠡᠪᠡᠳᠴᠢᠨ ᠦᠵᠡᠭᠦᠯᠬᠦ ᠦᠢᠯᠡᠴᠢᠯᠡᠭᠡᠨ ᠤ ᠪᠥᠬᠦ ᠶᠠᠪᠤᠴᠠ ᠳᠤ ᠬᠡᠷᠡᠭᠯᠡᠬᠦ ᠶᠢ ᠦᠨᠡᠨᠬᠦ ᠪᠠᠲᠤᠯᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ | ᠡᠪᠡᠳᠴᠢᠨ ᠦᠵᠡᠭᠦᠯᠵᠦ ᠡᠮᠨᠡᠭᠦᠯᠬᠦ ᠳᠤ ᠨᠢᠭᠡᠯᠡ ᠺᠣᠳ᠋ ᠢᠶᠠᠷ ᠨᠡᠶᠢᠳᠡᠮ ᠭᠦᠢᠴᠡᠳᠬᠡᠬᠦ ᠶᠢ ᠪᠡᠶᠡᠯᠡᠭᠦᠯᠦᠨ᠎ᠡ︔ ᠪᠥᠬᠦ ᠬᠤᠲᠠ ᠶᠢᠨ ᠠᠯᠪᠠᠨ ᠠᠴᠠ ᠪᠠᠶᠢᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠪᠠᠶᠢᠭᠠᠳ ᠡᠯ᠎ᠡ ᠭᠤᠭᠴᠤᠭ᠎ᠠ ᠶᠢᠨ ᠦᠢᠯᠡᠴᠢᠯᠡᠭᠡᠨ ᠤ ᠴᠣᠩᠬᠤ᠂ ᠥᠪᠡᠰᠦᠪᠡᠨ ᠬᠦᠢᠴᠡᠳᠭᠡᠬᠦ | ᠮᠠᠰᠢᠨ ᠤ ᠢᠯᠡ ᠪᠠᠶᠢᠷᠢᠨ ᠳᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠴᠤᠪᠤᠷᠠᠯ᠂ ᠬᠡᠷᠡᠭᠯᠡᠯᠲᠡ ᠶᠢᠨ ᠪᠠᠶᠢᠳᠠᠯ ᠪᠠ | ᠬᠡᠷᠡᠭᠯᠡᠯᠲᠡ ᠶᠢᠨ ᠰᠠᠨᠠᠭᠤᠯᠤᠮᠵᠢ ᠶᠢᠨ ᠲᠡᠮᠳᠡᠭ ᠢᠯᠡᠷᠭᠡᠶᠢᠯᠡᠯ ᠢ ᠨᠠᠭᠠᠵᠤ᠂ ᠲᠤᠰᠬᠠᠢ ᠪᠠ ᠲᠤᠰᠢᠶᠠᠯ ᠬᠠᠪᠰᠤᠷᠭᠠᠭᠰᠠᠨ ᠦᠢᠯᠡᠴᠢᠯᠡᠭᠡᠨ ᠤ ᠠᠵᠢᠯᠲᠠᠨ | ᠲᠣᠬᠢᠷᠠᠭᠤᠯᠤᠨ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠯᠠᠪᠯᠠᠯᠭ᠎ᠠ᠂ ᠵᠢᠯᠣᠭᠤᠳᠤᠯᠭ᠎ᠠ ᠶᠢ ᠬᠠᠷᠢᠭᠤᠴᠠᠭᠤᠯᠵᠤ᠂ ᠡᠮᠴᠢᠯᠡᠭᠦᠯᠵᠦ ᠡᠮ | ᠬᠤᠳᠠᠯᠳᠤᠨ ᠠᠪᠬᠤ ᠬᠥᠮᠥᠰ ᠤᠨ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠨ ᠬᠡᠷᠡᠭᠯᠡᠬᠦ ᠶᠢ ᠰᠠᠨᠠᠭᠠᠴᠢᠯᠠᠭ᠎ᠠ ᠠᠴᠠ ᠪᠠᠨ | ᠰᠠᠨᠠᠭᠤᠯᠬᠤ ᠬᠡᠷᠡᠭᠲᠡᠢ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠡᠯ᠎ᠡ ᠬᠤᠰᠢᠭᠤ ᠰᠢᠶᠠᠨ ᠲᠣᠭᠤᠷᠢᠭ ᠠᠴᠠ ᠲᠤᠰᠬᠠᠢ ᠬᠥᠮᠥᠨ ᠲᠣᠭᠲᠠᠭᠠᠵᠤ ᠪᠥᠬᠦ ᠠᠷᠠᠳ ᠤᠨ ᠳᠠᠭᠠᠳᠬᠠᠯ ᠳᠤ ᠣᠷᠤᠯᠴᠠᠬᠤ ᠠᠵᠢᠯ ᠢ | ᠬᠠᠷᠢᠭᠤᠴᠠᠭᠤᠯᠵᠤ᠂ ᠱᠠᠭᠠᠷᠳᠠᠯᠭ᠎ᠠ ᠶᠣᠰᠣᠭᠠᠷ ᠡᠳᠦᠷ ᠪᠦᠷᠢ 17᠄ 00 ᠠᠴᠠ ᠡᠮᠦᠨ᠎ᠡ ᠡᠮᠴᠢᠯᠡᠭᠡᠨ ᠤ ᠳᠠᠭᠠᠳᠬᠠᠯ ᠤᠨ ᠳᠣᠲᠣᠭᠠᠳᠤ ᠰᠦᠯᠵᠢᠶ᠎ᠡ ᠶᠢᠨ OA | ᠰᠢᠰᠲ᠋ᠧᠮ ᠢᠶᠠᠷ ᠳᠠᠭᠠᠳᠬᠠᠯ ᠳᠤ ᠣᠷᠤᠯᠴᠠᠭᠰᠠᠨ ᠵᠡᠷᠭᠡ ᠬᠤᠯᠪᠤᠭᠳᠠᠯ ᠪᠦᠬᠦᠢ ᠪᠦᠷᠢᠳᠬᠡᠯ ᠤᠨ ᠬᠦᠰᠦᠨᠦᠭᠲᠦ ᠶᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃ | ︵ᠬᠤᠶᠠᠷ︶ ᠡᠯ᠎ᠡ ᠬᠤᠰᠢᠭᠤ ᠰᠢᠶᠠᠨ ᠲᠣᠭᠤᠷᠢᠭ ᠨᠢ ᠦᠨᠳᠦᠰᠦᠨ ᠱᠠᠲᠤᠨ ᠤ ᠬᠦᠴᠦᠨ ᠢ ᠭᠦᠢᠴᠡᠳ ᠨᠢᠭᠲᠠᠷᠠᠭᠤᠯᠬᠤ ᠬᠡᠷᠡᠭᠲᠡᠢ᠃ 2022 ᠣᠨ ᠤ | 8 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ᠂ ᠨᠢᠭᠡᠳᠦᠯᠲᠡᠢ ᠲᠥᠯᠥᠪᠯᠡᠨ ᠠᠬᠢᠭᠤᠯᠵᠤ ᠪᠥᠬᠦ ᠠᠷᠠᠳ ᠤᠨ ᠳᠠᠭᠠᠳᠬᠠᠯ ᠳᠤ ᠣᠷᠤᠯᠴᠠᠬᠤ ᠨᠣᠷᠮ᠎ᠠ ᠶᠢ | 95% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ︔ ᠳᠣᠯᠤᠭᠠᠨ ᠲᠥᠷᠥᠯ ᠤᠨ ᠬᠦᠴᠢᠷᠳᠡᠯ ᠲᠠᠢ ᠬᠦᠮᠦᠰ ᠤᠨ ᠬᠥᠳᠡᠯᠦᠩᠭᠦᠢ ᠪᠠᠷ ᠳᠠᠭᠠᠳᠬᠠᠯ ᠳᠤ | ᠣᠷᠤᠯᠴᠠᠬᠤ ᠠᠵᠢᠯ ᠢ ᠪᠣᠳᠠᠲᠠᠢ ᠰᠠᠶᠢᠲᠤᠷ ᠬᠢᠵᠦ᠂ ᠰᠠᠷ᠎ᠠ ᠪᠦᠷᠢ ᠶᠢᠨ ᠳᠠᠭᠠᠳᠬᠠᠯ ᠳᠤ ᠣᠷᠤᠯᠴᠠᠭᠰᠠᠨ ᠨᠣᠷᠮ᠎ᠠ ᠶᠢ 100 % ᠳᠤ ᠬᠦᠷᠦᠭᠦᠯᠬᠦ ᠶᠢ ᠦᠨᠡᠨᠬᠦ | ᠪᠠᠲᠤᠯᠠᠬᠤ ᠬᠡᠷᠡᠭᠲᠡᠢ︔11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ | ᠠᠮᠢᠯᠠᠭᠤᠯᠤᠭᠰᠠᠨ ᠨᠣᠷᠮ᠎ᠠ ᠶᠢ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠶᠢᠨ 90% ᠳᠤ ᠬᠦᠷᠦᠭᠦᠯᠬᠦ ᠠᠵᠢᠯ ᠤᠨ | ᠡᠭᠦᠷᠭᠡ ᠶᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠬᠤᠯᠪᠤᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠢᠨᠠᠮᠠᠭᠠᠢ | ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠠᠷᠭ᠎ᠠ ᠬᠡᠮᠵᠢᠶ᠎ᠡ ᠠᠪᠴᠤ᠂ ᠨᠢᠭᠡᠳᠦᠯᠲᠡᠢ ᠲᠥᠯᠥᠪᠯᠡᠨ ᠠᠬᠢᠭᠤᠯᠵᠤ᠂ ᠭᠤᠷᠪᠠᠨ ᠵᠦᠢᠯ ᠤᠨ ᠭᠤᠣᠯᠳᠠᠯᠭ᠎ᠠ ᠲᠠᠢ | ᠡᠭᠦᠷᠭᠡ ᠶᠢ ᠨᠠᠷᠢᠨ ᠪᠤᠳᠠᠳᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 8 ᠳ᠋ᠤᠭᠠᠷ ᠰᠠᠷ᠎ᠠ ᠶᠢᠨ 16 ᠤ ᠡᠳᠦᠷ |