ᠬᠦᠬᠡᠬᠤᠲᠠ ᠵᠠᠰᠠᠭ ᠲᠠᠷᠬᠠᠭᠠᠭᠰᠠᠨ〔2022〕36 ᠳ᠋ᠤᠭᠠᠷ ᠲᠣᠭᠠᠲᠤ | 2022 ᠣᠨ ᠤ 7 ᠳ᠋ᠤᠭᠠᠷ ᠰᠠᠷ᠎ᠠ ᠶᠢᠨ 15 ᠤ ᠡᠳᠦᠷ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠠᠵᠤ | ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠬᠤᠲᠠ ᠶᠢᠨ ᠳᠠᠷᠤᠭ᠎ᠠ ︽ᠢᠳᠡᠰᠢᠨ ᠨᠣᠭᠤᠭ᠎ᠠ︾ ᠶᠢᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠳᠡᠰᠢᠨ ᠨᠣᠭᠤᠭ᠎ᠠ | ᠳᠠᠷᠢᠵᠤ ᠡᠵᠡᠩᠨᠡᠬᠦ ᠡᠷᠦᠬᠡ ᠶᠢᠨ ᠦᠢᠯᠡᠳᠪᠦᠷᠢᠯᠡᠯ ᠤᠨ ᠢᠳᠡᠪᠬᠢᠵᠢᠯ ᠢ ᠭᠦᠢᠴᠡᠳ ᠳᠠᠶᠢᠴᠢᠯᠠᠬᠤ ᠶᠢᠨ ᠲᠤᠰᠠᠳᠠ᠂ ᠡᠳᠦᠭᠡ ᠢᠳᠡᠰᠢᠨ ᠨᠣᠭᠤᠭᠠᠨ ᠤ ᠠᠵᠤ | ᠦᠢᠯᠡᠰ ᠤᠨ ᠬᠥᠭᠵᠢᠯᠲᠡ ᠶᠢ ᠠᠬᠢᠭᠤᠯᠬᠤ ᠲᠤᠯᠤᠭᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ︵ᠲᠤᠷᠰᠢᠨ ᠬᠡᠷᠡᠭᠵᠢᠭᠦᠯᠬᠦ︶ ᠶᠢ ᠳᠣᠤᠷᠠᠬᠢ | ᠮᠡᠲᠦ ᠮᠡᠳᠡᠭᠳᠡᠪᠡ᠃ | ᠨᠢᠭᠡ᠂ ᠰᠢᠨ᠎ᠡ ᠪᠠᠷ ᠪᠠᠶᠢᠭᠤᠯᠤᠭᠰᠠᠨ ᠬᠦᠯᠡᠮᠵᠢ ᠶᠢᠨ ᠨᠥᠬᠦᠪᠥᠷᠢ᠃ 50 ᠮᠥ ᠠᠴᠠ ᠳᠡᠭᠡᠭᠰᠢᠬᠢ ᠴᠡᠪᠡᠷ ᠳᠠᠷᠢᠬᠤ ᠲᠠᠯᠠᠪᠠᠶ ᠲᠠᠢ ᠬᠦᠯᠡᠮᠵᠢ ᠶᠢᠨ ᠰᠠᠭᠤᠷᠢᠨ | ᠭᠠᠵᠠᠷ ᠢ ᠰᠢᠨ᠎ᠡ ᠪᠠᠷ ᠪᠠᠶᠢᠭᠤᠯᠵᠤ᠂ ᠳᠠᠷᠢᠬᠤ ᠨᠥᠬᠦᠴᠡᠯ ᠳᠤ ᠬᠥᠷᠦᠭᠰᠡᠨ ᠪᠥᠭᠡᠳ ᠨᠢᠭᠡᠨᠲᠡ ᠢᠳᠡᠰᠢᠨ ᠨᠣᠭᠤᠭ᠎ᠠ ᠳᠠᠷᠢᠭᠰᠠᠨ ᠪᠠᠶᠢᠪᠠᠯ᠂ ᠪᠥᠲᠥᠭᠡᠨ | ᠪᠠᠶᠢᠭᠤᠯᠤᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠳᠤ 4 ᠲᠦᠮᠡᠨ ᠲᠥᠭᠦᠷᠢᠭ / ᠮᠥ ᠶᠢᠨ ᠨᠥᠬᠦᠪᠥᠷᠢ ᠣᠯᠭᠤᠨ᠎ᠠ᠃ ᠡᠭᠦᠨ ᠳᠤ | ᠬᠤᠲᠠ ᠶᠢᠨ ᠲᠣᠰ ᠱᠠᠲᠤᠨ ᠤ ᠨᠥᠬᠦᠪᠥᠷᠢ 3 ᠲᠦᠮᠡᠨ ᠲᠥᠭᠦᠷᠢᠭ᠂ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠨᠥᠬᠦᠪᠥᠷᠢ 1 ᠲᠦᠮᠡᠨ | ᠲᠥᠭᠦᠷᠢᠭ ᠪᠣᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠬᠡᠷᠡᠭᠵᠢᠭᠦᠯᠬᠦ ᠴᠠᠭ᠄ 2022 ᠣᠨ — 2023 ᠣᠨ︶ | ᠬᠤᠶᠠᠷ᠂ ᠬᠦᠯᠡᠮᠵᠢ ᠶᠢ ᠰᠡᠯᠪᠢᠨ ᠵᠠᠰᠠᠬᠤ ᠨᠥᠬᠦᠪᠥᠷᠢ᠃ 10 ᠮᠥ ᠠᠴᠠ ᠳᠡᠭᠡᠭᠰᠢᠬᠢ ᠳᠠᠷᠢᠬᠤ ᠲᠠᠯᠠᠪᠠᠶ ᠲᠠᠢ ᠬᠦᠯᠡᠮᠵᠢ ᠶᠢᠨ ᠰᠠᠭᠤᠷᠢᠨ ᠭᠠᠵᠠᠷ ᠢ ᠰᠡᠯᠪᠢᠨ | ᠵᠠᠰᠠᠵᠤ ᠴᠡᠪᠡᠷᠯᠡᠭᠡᠳ ᠳᠠᠷᠢᠬᠤ ᠨᠥᠬᠦᠴᠡᠯ ᠳᠤ ᠬᠥᠷᠦᠭᠰᠡᠨ ᠮᠥᠷᠲᠡᠭᠡᠨ ᠨᠢᠭᠡᠨᠲᠡ ᠳᠠᠷᠢᠭᠰᠠᠨ ᠢᠳᠡᠰᠢᠨ ᠨᠣᠭᠤᠭ᠎ᠠ ᠶᠢ ᠲᠤᠷᠰᠢᠨ ᠬᠤᠷᠢᠶᠠᠭᠰᠠᠨ ᠪᠠᠶᠢᠪᠠᠯ᠂ | ᠰᠡᠯᠪᠢᠨ ᠵᠠᠰᠠᠵᠤ ᠦᠢᠯᠡᠳᠪᠦᠷᠢᠯᠡᠵᠦ ᠡᠵᠡᠩᠨᠡᠬᠦ ᠭᠤᠤᠯ ᠴᠣᠭᠴᠠ ᠳᠤ 1.5 ᠲᠦᠮᠡᠨ ᠲᠥᠭᠦᠷᠢᠭ / ᠮᠥ ᠶᠢᠨ ᠨᠥᠬᠦᠪᠥᠷᠢ ᠣᠯᠭᠤᠨ᠎ᠠ᠃ ᠡᠭᠦᠨ ᠳᠤ | ᠬᠤᠲᠠ ᠶᠢᠨ ᠲᠣᠰ ᠱᠠᠲᠤᠨ ᠤ ᠨᠥᠬᠦᠪᠥᠷᠢ 1 ᠲᠦᠮᠡᠨ ᠲᠥᠭᠦᠷᠢᠭ᠂ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠨᠥᠬᠦᠪᠥᠷᠢ 0.5 ᠲᠦᠮᠡᠨ | ᠲᠥᠭᠦᠷᠢᠭ ᠪᠣᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠬᠡᠷᠡᠭᠵᠢᠭᠦᠯᠬᠦ ᠴᠠᠭ᠄ 2022 ᠣᠨ — 2023 ᠣᠨ︶ | ᠭᠤᠷᠪᠠ᠂ ᠲᠠᠷᠢᠮᠠᠯ ᠤᠨ ᠨᠥᠬᠦᠪᠥᠷᠢ᠃ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠴᠡᠪᠡᠷ ᠳᠠᠷᠢᠬᠤ 50 ᠮᠥ ᠠᠴᠠ ᠳᠡᠭᠡᠭᠰᠢᠬᠢ ᠳᠠᠷᠢᠵᠤ ᠡᠵᠡᠩᠨᠡᠬᠦ ᠭᠤᠤᠯ | ᠴᠣᠭᠴᠠ ᠳᠤ ᠵᠢᠮᠢᠰ ᠤᠨ ᠲᠥᠷᠥᠯ ᠤᠨ ᠨᠣᠭᠤᠭ᠎ᠠ ᠳᠤ ᠮᠥ ᠪᠦᠷᠢ ᠳᠤ 2000 ᠲᠥᠭᠦᠷᠢᠭ ᠤᠨ ᠨᠥᠬᠦᠪᠥᠷᠢ ᠣᠯᠭᠤᠨ᠎ᠠ︔ ᠨᠠᠪᠴᠢᠨ ᠤ ᠲᠥᠷᠥᠯ᠂ | ᠦᠨᠳᠦᠰᠦᠯᠢᠭ ᠡᠰᠢᠨ ᠤ ᠲᠥᠷᠥᠯ᠂ ᠢᠳᠡᠰᠢᠨ ᠤ ᠮᠥᠭᠦ ᠶᠢᠨ ᠲᠥᠷᠥᠯ ᠳᠤ 500 ᠲᠥᠭᠦᠷᠢᠭ \ ᠮᠥ ᠳᠤ ᠨᠥᠬᠦᠪᠥᠷᠢ ᠥᠭᠭᠦᠨ᠎ᠡ᠃ ᠵᠠᠳᠠᠭᠠᠶ ᠭᠠᠵᠠᠷ ᠤᠨ | ᠨᠣᠭᠤᠭ᠎ᠠ ᠶᠢ ᠵᠠᠰᠠᠭ ᠵᠠᠬᠢᠷᠭᠠᠨ ᠤ ᠲᠣᠰᠬᠤᠨ ᠢᠶᠠᠷ ᠨᠢᠭᠡᠴᠢ ᠪᠣᠯᠭᠠᠨ ᠲᠥᠪᠯᠡᠷᠡᠭᠦᠯᠦᠨ ᠵᠠᠯᠭᠠᠯᠳᠤᠭᠤᠯᠤᠨ 100 ᠮᠥ ᠠᠴᠠ ᠳᠡᠭᠡᠭᠰᠢ ᠳᠠᠷᠢᠵᠤ ᠪᠠᠶᠢᠭ᠎ᠠ ᠳᠠᠷᠢᠵᠤ | ᠡᠵᠡᠩᠨᠡᠬᠦ ᠭᠤᠤᠯ ᠴᠣᠭᠴᠠ ᠳᠤ 400 ᠲᠥᠭᠦᠷᠢᠭ ᠤᠨ / ᠮᠥ ᠶᠢᠨ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠡᠷᠡᠭᠵᠢᠭᠦᠯᠬᠦ ᠴᠠᠭ᠄ 2022 ᠣᠨ — 2025 ᠣᠨ︶ | ᠲᠦᠷᠪᠡ᠂ ᠴᠢᠬᠢ ᠪᠤᠶᠢᠵᠢᠭᠤᠯᠬᠤ ᠨᠥᠬᠦᠪᠥᠷᠢ᠃ ᠲᠤᠰᠬᠠᠶᠢᠵᠢᠭᠰᠠᠨ ᠢᠳᠡᠰᠢᠨ ᠨᠣᠭᠤᠭ᠎ᠠ ᠶᠢᠨ ᠴᠢᠬᠢ ᠪᠤᠶᠢᠵᠢᠭᠤᠯᠬᠤ ᠡᠵᠡᠩᠨᠡᠯᠲᠡ ᠶᠢᠨ ᠭᠤᠤᠯ ᠴᠣᠭᠴᠠ ᠶᠢᠨ | ᠵᠢᠯ ᠤᠨ ᠴᠢᠬᠢ ᠪᠣᠷᠣᠯᠠᠭᠤᠯᠤᠭᠰᠠᠨ ᠬᠡᠮᠵᠢᠶ᠎ᠡ ᠨᠢ 400 ᠲᠦᠮᠡᠨ ᠰᠠᠭᠤᠷᠢ ᠠᠴᠠ ᠳᠡᠭᠡᠭᠰᠢ ᠪᠠᠶᠢᠪᠠᠯ 30 ᠲᠦᠮᠡᠨ ᠲᠥᠭᠦᠷᠢᠭ ᠨᠥᠬᠦᠪᠥᠷᠢᠯᠡᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠡᠷᠡᠭᠵᠢᠭᠦᠯᠬᠦ ᠴᠠᠭ᠄ | 2022 ᠣᠨ — 2025 ᠣᠨ︶ | ᠲᠠᠪᠤ᠂ ᠴᠢᠨᠠᠷ ᠰᠠᠶᠢᠲᠠᠶ ᠨᠠᠷᠠᠲᠤ ᠲᠥᠷᠥᠯ ᠲᠡᠮᠳᠡᠭᠲᠦ ᠶᠢ ᠱᠠᠩᠨᠠᠨ᠎ᠠ᠃ ᠪᠣᠬᠢᠷᠲᠤᠯ ᠥᠬᠡᠶ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ᠂ ᠨᠠᠷᠠᠲᠤ | ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠲᠠᠷᠢᠶᠠᠯᠠᠩ ᠤᠨ | ᠪᠦᠲᠦᠭᠡᠭᠳᠡᠬᠦᠨ ᠢᠶᠠᠷ ᠠᠮᠵᠢᠯᠲᠠ ᠲᠠᠢ ᠪᠠᠷ ᠭᠡᠷᠡᠴᠢᠯᠡᠨ ᠮᠠᠭᠠᠳᠯᠠᠭᠰᠠᠨ ᠢᠳᠡᠰᠢᠨ ᠨᠣᠭᠤᠭᠠᠨ ᠤ ᠪᠦᠲᠦᠭᠡᠭᠳᠡᠬᠦᠨ ᠳᠤ ᠭᠡᠷᠡᠴᠢᠯᠡᠨ ᠮᠠᠭᠠᠳᠯᠠᠭᠰᠠᠨ ᠭᠤᠤᠯ | ᠴᠣᠭᠴᠠ ᠨᠢᠭᠡᠪᠦᠷᠢ ᠳᠤ ᠨᠢᠭᠡ ᠤᠳᠠᠭ᠎ᠠ ᠶᠢᠨ ᠴᠢᠨᠠᠷᠲᠠᠶ ᠪᠠᠷ 5000 ᠲᠥᠭᠦᠷᠢᠭ ᠱᠠᠩᠨᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠡᠷᠡᠭᠵᠢᠭᠦᠯᠬᠦ ᠴᠠᠭ᠄ 2022 ᠣᠨ — 2025 ᠣᠨ︶ | ᠵᠢᠷᠭᠤᠭ᠎ᠠ᠂ ᠳᠠᠷᠢᠵᠤ ᠡᠵᠡᠩᠨᠡᠬᠦ ᠡᠷᠦᠬᠡ ᠶᠢᠨ ᠡᠷᠬᠡ ᠠᠰᠢᠭ ᠢ ᠪᠠᠲᠤᠯᠠᠨ᠎ᠠ᠃ ᠭᠠᠳᠠᠷ ᠣᠷᠣᠨ ᠠᠴᠠ ᠬᠥᠬᠡᠬᠤᠲᠠ ᠳᠤ ᠢᠷᠡᠵᠦ ᠢᠳᠡᠰᠢᠨ ᠨᠣᠭᠤᠭ᠎ᠠ ᠳᠠᠷᠢᠵᠤ | ᠡᠵᠡᠩᠨᠡᠬᠦ ᠡᠷᠦᠬᠡ ᠬᠠᠭᠠᠰ ᠵᠢᠯ ᠠᠴᠠ ᠳᠡᠭᠡᠭᠰᠢ ᠰᠠᠭᠤᠪᠠᠯ ᠣᠲᠣ ᠶᠢᠨ ᠰᠠᠭᠤᠭ᠎ᠠ ᠭᠠᠵᠠᠷ ︵ᠬᠦᠯᠡᠮᠵᠢ ᠶᠢᠨ ᠴᠢᠬᠢᠨ ᠬᠡᠷ ᠢ ᠣᠲᠣ ᠶᠢᠨ ᠰᠠᠭᠤᠭ᠎ᠠ ᠭᠠᠵᠠᠷ ᠢᠶᠠᠷ | ᠦᠵᠡᠨ᠎ᠡ︶ ᠤᠨ ᠲᠣᠭᠲᠠᠭᠠᠯ ᠶᠣᠰᠣᠭᠠᠷ ᠣᠷᠣᠰᠢᠨ ᠰᠠᠭᠤᠬᠤ ᠦᠨᠡᠮᠯᠡᠯ ᠭᠤᠶᠤᠴᠢᠯᠠᠨ ᠠᠪᠬᠤ ᠪᠤᠶᠤ ᠡᠷᠦᠬᠡ ᠠᠮᠠ ᠣᠷᠣᠭᠤᠯᠬᠤ ᠭᠠᠷ ᠭᠦᠢᠴᠡᠳᠬᠡᠯ ᠬᠢᠵᠦ | ᠪᠣᠯᠤᠨ᠎ᠠ︔ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠤᠶᠤ ᠠᠮᠢᠳᠤᠯᠢᠭ ᠢᠶᠠᠷ ᠠᠵᠢᠯ ᠣᠯᠤᠭᠰᠠᠳ ᠢᠶᠠᠷ ᠯᠠᠪᠯᠠᠯᠲᠠ ᠪᠣᠯᠭᠠᠨ ᠮᠠᠨ ᠤ ᠬᠤᠲᠠ ᠶᠢᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠤᠯᠵᠤ ᠪᠣᠯᠤᠨ᠎ᠠ︔ ᠲᠡᠳᠡᠨ ᠤ ᠦᠷ᠎ᠡ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ︽ᠰᠢᠯᠭᠠᠬᠤ ᠥᠬᠡᠶ ᠪᠠᠷ ᠬᠡᠷ | ᠣᠶᠢᠷᠠᠯᠴᠠᠭ᠎ᠠ ᠰᠤᠷᠭᠠᠭᠤᠯᠢ ᠳᠤ ᠣᠷᠣᠭᠤᠯᠬᠤ︾ ᠵᠠᠷᠴᠢᠮ ᠢ ᠵᠢᠷᠤᠮᠯᠠᠨ᠂ ᠬᠤᠰᠢᠭᠤ ᠰᠢᠶᠠᠨ ᠲᠣᠭᠤᠷᠢᠭ ᠠᠴᠠ ᠬᠡᠷ ᠣᠶᠢᠷᠠᠯᠴᠠᠭ᠎ᠠ ᠰᠤᠷᠭᠠᠭᠤᠯᠢ ᠳᠤ | ᠣᠷᠣᠭᠤᠯᠬᠤ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠣᠰ ᠲᠣᠰ ᠲᠠᠭᠠᠨ ᠬᠠᠷᠢᠭᠤᠴᠠᠨ᠎ᠠ︶ | ᠲᠤᠯᠤᠭ᠎ᠠ᠂ ᠵᠠᠳᠠᠭᠠᠶ ᠭᠠᠵᠠᠷ ᠤᠨ ᠨᠣᠭᠤᠭ᠎ᠠ ᠲᠠᠷᠢᠬᠤ ᠳᠠᠭᠠᠳᠬᠠᠯ᠃ ᠰᠠᠶᠢᠬᠠᠨ ᠲᠣᠭᠤᠷᠢᠭ ᠲᠤ ᠲᠤᠷᠰᠢᠯᠲᠠ ᠬᠢᠭᠰᠡᠨ ᠰᠠᠭᠤᠷᠢᠨ ᠳᠡᠭᠡᠷ᠎ᠡ ᠪᠥᠬᠦ ᠬᠤᠲᠠ ᠳᠤ | ᠵᠠᠳᠠᠭᠠᠶ ᠭᠠᠵᠠᠷ ᠤᠨ ᠨᠣᠭᠤᠭ᠎ᠠ ᠳᠠᠷᠢᠬᠤ ᠳᠠᠭᠠᠳᠬᠠᠯ ᠤᠨ ᠨᠥᠬᠦᠪᠥᠷᠢ ᠶᠢ ᠳᠡᠯᠭᠡᠷᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠡᠷᠡᠭᠵᠢᠭᠦᠯᠬᠦ ᠴᠠᠭ᠄ 2023 ᠣᠨ — 2025 ᠣᠨ︶ | ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠵᠦ᠂ ᠬᠤᠲᠠ ᠶᠢᠨ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ ︽ᠬᠥᠬᠡᠬᠤᠲᠠ ᠶᠢᠨ ᠢᠳᠡᠰᠢᠨ ᠨᠣᠭᠤᠭᠠᠨ ᠤ ᠦᠢᠯᠡᠳᠪᠦᠷᠢᠯᠡᠯ ᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠬᠥᠬᠡᠬᠤᠲᠠ ᠵᠠᠰᠠᠭ ᠲᠠᠷᠬᠠᠭᠠᠭᠰᠠᠨ ︹ 2020 ︺ 29 ᠳ᠋ᠦ᠋ᠭᠡᠷ ᠲᠣᠭᠠᠲᠤ︶ ᠢ ᠬᠠᠮᠲᠤ ᠳᠤᠨᠢ ᠬᠦᠴᠦᠨ | ᠥᠬᠡᠶ ᠪᠣᠯᠭᠠᠨ᠎ᠠ᠃ |