ᠾᠧ ᠬᠠᠶ ᠳ᠋ᠦᠩ ᠴᠠᠩ ᠫᠸᠢ ᠵᠥᠩ ᠯᠢ ᠵᠢᠶᠦ᠋ᠩ ᠼᠤᠤ ᠰᠧ ᠶᠠᠩ ᠶᠢᠨ ᠬᠠᠶ ᠶᠢᠨ ᠥᠨᠳᠥᠷ ᠵᠢᠶᠠᠰᠠ ᠶᠢᠨ ᠵᠡᠭᠦᠨ ᠰᠤᠩᠭᠠᠭᠰᠠᠨ ᠬᠡᠰᠡᠭ ᠤᠨ ᠬᠥᠭᠦᠷᠭᠡ ᠨᠡᠪᠲᠡᠷᠡᠬᠦ᠂ ᠶᠢᠨ ᠱᠧᠩ ᠥᠨᠳᠥᠷ ᠵᠢᠶᠠᠰᠠ ᠶᠢᠨ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2022/12/23
      12 ᠰᠠᠷ᠎ᠠ ᠶᠢᠨ 20 ᠤ ᠡᠳᠦᠷ᠂ ᠶᠢᠨ ᠬᠠᠶ ᠶᠢᠨ ᠥᠨᠳᠥᠷ ᠵᠢᠶᠠᠰᠠ ᠶᠢᠨ ᠵᠡᠭᠦᠨ ᠰᠤᠩᠭᠠᠭᠰᠠᠨ ᠬᠡᠰᠡᠭ ᠤᠨ ᠬᠥᠭᠦᠷᠭᠡ ᠨᠡᠪᠲᠡᠷᠡᠵᠦ᠂ ᠶᠢᠨ ᠱᠧᠩ ᠥᠨᠳᠥᠷ ᠵᠢᠶᠠᠰᠠ ᠶᠢᠨ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ ᠶᠣᠰᠣᠯᠠᠯ ᠶᠠᠪᠤᠭᠳᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠴᠠᠩ ᠫᠸᠢ ᠵᠥᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠵᠢᠶᠦ᠋ᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠼᠤᠤ ᠰᠧ ᠶᠠᠩ ᠵᠡᠷᠭᠡ ᠬᠤᠲᠠ ᠶᠢᠨ ᠤᠳᠤᠷᠢᠳᠤᠯᠭ᠎ᠠ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠡᠷᠭᠡ ᠨᠡᠪᠲᠡᠷᠡᠬᠦ ᠶᠣᠰᠣᠯᠠᠯ ᠳᠤ ᠣᠷᠣᠯᠴᠠᠪᠠ᠃
12.21图片新闻 今日1.jpg
      ᠡᠨᠡ ᠵᠢᠯ ᠠᠴᠠ ᠨᠠᠰᠢ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ︽ᠣᠷᠣᠨ ᠪᠦᠰᠡ ᠶᠢᠨ ᠶᠡᠭᠡ ᠬᠤᠯᠪᠣᠯᠳᠤᠯ᠂ ᠬᠡᠰᠡᠭ ᠲᠠᠯ᠎ᠠ ᠶᠢᠨ ᠪᠢᠴᠢᠯ ᠡᠷᠭᠢᠯᠲᠡ᠂ ᠲᠦᠭᠵᠢᠷᠡᠯ ᠤᠨ ᠴᠡᠭ ᠢ ᠨᠡᠪᠲᠡᠷᠡᠭᠦᠯᠬᠦ︾ ᠵᠠᠮ ᠬᠠᠷᠢᠯᠴᠠᠭᠠᠨ ᠤ ᠣᠨᠣᠯᠵᠢᠬᠤᠨ ᠶᠣᠰᠣᠭᠠᠷ᠂ ᠨᠢᠭᠡ ᠪᠦᠯᠦᠭ ᠰᠠᠭᠤᠷᠢ ᠶᠢ ᠲᠠᠯᠪᠢᠬᠤ᠂ ᠠᠯᠤᠰ ᠬᠡᠲᠦ ᠳᠤ ᠠᠰᠢᠭᠲᠠᠶ ᠬᠤᠲᠠ ᠶᠢᠨ ᠶᠠᠪᠤᠳᠠᠯ ᠤᠨ ᠵᠠᠮ ᠤᠨ ᠢᠨᠵᠧᠨᠧᠷᠢᠩ ᠢ ᠬᠡᠷᠡᠭᠵᠢᠭᠦᠯᠵᠦ᠂ ᠣᠯᠠᠨ ᠲᠦᠮᠡᠨ ᠤ ᠰᠠᠭᠠᠳ ᠥᠬᠡᠶ ᠶᠠᠪᠤᠵᠤ ᠰᠠᠭᠤᠬᠤ ᠶᠢ ᠨᠥᠯᠥᠭᠡᠯᠡᠵᠦ ᠪᠠᠶᠢᠭ᠎ᠠ ᠠᠯᠢ ᠣᠯᠠᠨ ᠪᠡᠷᠬᠡ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃
12.21图片新闻 今日2.jpg
 ︽ ᠶᠢᠨ ᠱᠧᠩ ᠥᠨᠳᠥᠷ ᠬᠤᠷᠳᠤᠴᠠᠲᠤ ᠵᠠᠰᠠᠮᠠᠯ ᠵᠠᠮ ᠲᠡᠷᠭᠡ ᠨᠡᠪᠲᠡᠷᠡᠭᠰᠡᠨ ᠤ ᠳᠠᠷᠠᠭ᠎ᠠ᠂ ᠮᠠᠨ ᠤ ᠠᠷᠠᠳ ᠤᠨ ᠭᠠᠳᠠᠭᠰᠢ ᠭᠠᠷᠬᠤ ᠳᠤ ᠶᠡᠭᠡ ᠳᠥᠭᠦᠮ ᠪᠣᠯᠤᠭᠰᠠᠨ ᠪᠠᠶᠢᠨ᠎ᠠ︾ ᠲᠡᠷᠭᠡ ᠨᠡᠪᠲᠡᠷᠡᠬᠦ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠨᠢᠭᠡᠨ ᠬᠤᠳᠠ ᠶᠢᠨ ᠠᠷᠠᠳ ᠮᠠᠰᠢ ᠪᠠᠶᠠᠷᠲᠠᠢ ᠬᠡᠯᠡᠵᠦ ᠪᠠᠶᠢᠪᠠ᠃ ᠶᠢᠨ ᠬᠠᠶ ᠶᠢᠨ ᠥᠨᠳᠥᠷ ᠵᠢᠶᠠᠰᠠ ᠶᠢᠨ ᠵᠡᠭᠦᠨ ᠰᠤᠩᠭᠠᠭᠰᠠᠨ ᠬᠡᠰᠡᠭ ᠤᠨ ᠬᠥᠭᠦᠷᠭᠡ ᠶᠢ ᠨᠡᠪᠲᠡᠷᠡᠭᠦᠯᠵᠦ᠂ ᠶᠢᠨ ᠱᠧᠩ ᠥᠨᠳᠥᠷ ᠵᠢᠶᠠᠰᠠ ᠶᠢᠨ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ ᠨᠢ ᠵᠠᠮ ᠬᠠᠷᠢᠯᠴᠠᠭᠠᠨ ᠤ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠠᠷᠠᠳ ᠣᠯᠠᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃      ᠣᠶᠢᠯᠠᠭᠠᠭᠰᠠᠨ ᠢᠶᠠᠷ᠂ ᠶᠢᠨ ᠬᠠᠶ ᠶᠢᠨ ᠥᠨᠳᠥᠷ ᠵᠢᠶᠠᠰᠠ ᠶᠢᠨ ᠵᠡᠭᠦᠨ ᠰᠤᠩᠭᠠᠭᠰᠠᠨ ᠬᠡᠰᠡᠭ ᠤᠨ ᠬᠥᠭᠦᠷᠭᠡ ᠨᠢ ᠢᠯᠢ ᠶᠢᠨ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ ᠶᠢᠨ ᠵᠠᠯᠭᠠᠯᠳᠤᠭᠰᠠᠨ ᠣᠷᠣᠨ ᠵᠢᠴᠢ ᠬᠤᠲᠠ ᠶᠢᠨ ᠪᠠᠷᠠᠭᠤᠨ ᠬᠡᠰᠡᠭ ᠤᠨ ᠭᠠᠵᠠᠷ ᠣᠷᠣᠨ ᠬᠢᠭᠡᠳ ᠭᠠᠯᠲᠤ ᠲᠡᠷᠭᠡᠨ ᠤ ᠵᠡᠭᠦᠨ ᠥᠷᠲᠡᠭᠡ᠂ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ᠂ G6 ᠥᠨᠳᠥᠷ ᠬᠤᠷᠳᠤᠴᠠᠲᠤ ᠵᠠᠰᠠᠮᠠᠯ ᠵᠠᠮ ᠤᠨ ᠬᠤᠲᠠ ᠠᠴᠠ ᠭᠠᠷᠬᠤ ᠠᠮᠠᠰᠠᠷ ᠢ ᠬᠤᠯᠪᠣᠭᠰᠠᠨ ᠴᠢᠬᠤᠯᠠ ᠲᠦᠷᠭᠡᠨ ᠨᠡᠪᠲᠡᠷᠡᠬᠦ ᠵᠠᠮ ᠪᠣᠯᠵᠣ᠂ ᠨᠢᠰᠬᠡᠯ ᠤᠨ ᠪᠠᠭᠤᠳᠠᠯ ᠤᠨ ᠥᠨᠳᠥᠷ ᠬᠤᠷᠳᠤᠴᠠᠲᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠵᠠᠯᠭᠠᠯᠳᠤᠭᠰᠠᠨ ᠣᠷᠣᠨ᠂ ᠴᠠᠭᠠᠨ ᠰᠤᠪᠤᠷᠭᠠᠲᠤ ᠣᠷᠣᠨ ᠵᠡᠷᠭᠡ ᠣᠷᠣᠨ ᠪᠦᠰᠡ ᠶᠢᠨ ᠬᠥᠭᠵᠢᠯᠲᠡ ᠶᠢ ᠨᠥᠯᠥᠭᠡᠯᠡᠨ ᠳᠠᠶᠢᠴᠢᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠶᠢᠨ ᠱᠧᠩ ᠥᠨᠳᠥᠷ ᠲᠦᠷᠭᠡᠨ ᠤ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠨᠢ ᠭᠤᠣᠯ ᠬᠤᠳᠠ ᠶᠢᠨ ᠲᠣᠭᠤᠷᠢᠭ ᠪᠣᠯᠤᠨ ᠬᠤᠷᠢᠨᠭᠡᠷ ᠰᠢᠨ᠎ᠡ ᠲᠣᠭᠤᠷᠢᠭ ᠢ ᠬᠤᠯᠪᠣᠬᠤ ᠴᠢᠬᠤᠯᠠ ᠲᠦᠷᠭᠡᠨ ᠤ ᠵᠠᠮ ᠪᠤᠯᠵᠤ᠂ ᠢᠷᠡᠭᠡᠳᠦᠢ ᠳᠤ ᠰᠢᠨ᠎ᠡ ᠨᠢᠰᠬᠡᠯ ᠤᠨ ᠪᠠᠭᠤᠳᠠᠯ ᠤᠨ ᠵᠠᠮ ᠬᠠᠷᠢᠯᠴᠠᠭᠠᠨ ᠤ ᠬᠦᠢᠰᠦ ᠶᠢ ᠰᠠᠯᠭᠠᠬᠤ ᠳᠤ ᠲᠤᠰᠠᠯᠠᠬᠤ ᠪᠣᠯᠤᠨ᠎ᠠ᠂ ᠡᠨᠡ ᠨᠢ ᠬᠤᠷᠢᠨᠭᠡᠷ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ᠂ ︽ᠨᠢᠭᠡ ᠭᠤᠣᠯ ᠨᠢᠭᠡ ᠳᠡᠳ᠋︾ ᠣᠷᠣᠨ ᠵᠠᠢ ᠶᠢᠨ ᠪᠠᠶᠢᠷᠢᠰᠢᠯ ᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ