ᠬᠥᠬᠡᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠶᠢᠨ ᠪᠦᠭᠦᠳᠡ ︵ᠥᠷᠭᠡᠳᠬᠡᠭᠰᠡᠨ︶ ᠬᠤᠷᠠᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/23
      ︵ᠰᠤᠷᠪᠤᠯᠵᠢᠯᠠᠭᠴᠢ ᠮᠢᠶᠣᠣ ᠴᠢᠩ︶ 12 ᠳ᠋ᠤᠭᠠᠷ ᠰᠠᠷ᠎ᠠ ᠶᠢᠨ 22 ᠤᠨ ᠡᠳᠦᠷ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠶᠢᠨ ᠪᠦᠭᠦᠳᠡ  ︵ᠥᠷᠭᠡᠳᠬᠡᠭᠰᠡᠨ︶ ᠬᠤᠷᠠᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ᠃      ᠬᠤᠳᠠ ᠶᠢᠨ ᠳᠡᠳ᠋ ᠳᠠᠷᠤᠭ᠎ᠠ ᠵᠢᠶᠣᠣ ᠬᠤᠩ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠼᠤᠤ ᠬᠤᠩ ᠬᠤᠷᠠᠯ ᠳᠤ ᠣᠷᠣᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠮᠠᠨ ᠤ ᠬᠤᠳᠠ ᠶᠢᠨ ᠡᠯ᠎ᠡ ᠭᠠᠵᠠᠷ ᠣᠷᠣᠨ ᠡᠯ᠎ᠡ ᠰᠤᠷᠭᠠᠭᠤᠯᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠢ ᠪᠣᠳᠠᠲᠠᠢ ᠠᠳᠬᠤᠨ ᠰᠠᠶᠢᠲᠤᠷ ᠠᠳᠬᠤᠵᠤ᠂ ᠰᠤᠳᠤᠯᠤᠨ ᠶᠠᠷᠢᠯᠴᠠᠭᠰᠠᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠣᠷᠣᠨ ᠤ ᠲᠥᠪ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠭᠦᠯᠬᠦ ᠠᠵᠢᠯᠯᠠᠭ᠎ᠠ ᠶᠢ ᠲᠠᠬᠢᠨ ᠭᠦᠨᠵᠡᠭᠡᠶᠢᠷᠡᠭᠦᠯᠵᠦ᠂ ᠲᠠᠬᠢᠨ ᠲᠡᠭᠦᠯᠳᠡᠷᠵᠢᠭᠦᠯᠵᠦ᠂ ᠲᠠᠬᠢᠨ ᠳᠡᠭᠡᠭᠰᠢᠯᠡᠭᠦᠯᠬᠦ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ