ᠬᠤᠳᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 4 ᠳ᠋ᠦ᠋ᠭᠡᠷ ᠪᠦᠬᠦᠳᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/23
ᠼᠤᠤ ᠰᠧ ᠶᠠᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠮᠢᠶᠣᠣ ᠴᠢᠩ︶ 12 ᠳ᠋ᠤᠭᠠᠷ ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 4 ᠳ᠋ᠦ᠋ᠭᠡᠷ ᠤᠳᠠᠭᠠᠨ ᠤ ᠪᠥᠬᠦᠳᠡ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠼᠤᠤ ᠰᠧ ᠶᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠠᠩ ᠵᠢᠩ ᠮᠢᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠨ᠎ᠡ᠂ ᠬᠤᠲᠠ ᠶᠢᠨ ᠳᠡᠳ᠋ ᠳᠠᠷᠤᠭ᠎ᠠ ᠵᠢᠶᠣᠣ ᠬᠤᠩ ᠬᠤᠷᠠᠯ ᠳᠤ ᠣᠷᠣᠯᠴᠠᠪᠠ᠃      ᠬᠤᠷᠠᠯ ᠠᠴᠠ ᠣᠷᠣᠨ ᠤ ᠲᠥᠪ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠪᠢᠴᠢᠭ ᠮᠠᠲᠧᠷᠢᠶᠠᠯ ᠢ ᠬᠢᠨᠠᠨ ᠵᠥᠪᠯᠡᠵᠦ᠂ ᠰᠢᠨ᠎ᠡ ᠪᠠᠷ ᠪᠠᠶᠢᠭᠤᠯᠤᠭᠰᠠᠨ ᠶᠢᠰᠦᠨ ᠵᠢᠯ ᠤᠨ ᠳᠦᠷᠢᠮᠲᠦ ᠰᠤᠷᠭᠠᠭᠤᠯᠢ ᠶᠢᠨ ᠤᠴᠢᠷ ᠢ ᠰᠤᠳᠤᠯᠤᠭᠰᠠᠨ ᠪᠥᠭᠡᠳ ᠮᠠᠨ ᠤ ᠬᠤᠳᠠ ᠶᠢᠨ ᠪᠦᠬᠦ ᠤᠯᠤᠰ ᠤᠨ ᠠᠰᠫᠢᠷᠠᠨᠲ ᠤᠨ ᠰᠢᠯᠭᠠᠯᠲᠠ ᠶᠢᠨ ᠠᠵᠢᠯ ᠢ ᠪᠠᠲᠤᠯᠠᠬᠤ ᠪᠠ ᠳᠠᠷᠠᠭᠠᠴᠢ ᠶᠢᠨ ᠠᠯᠬᠤᠮ ᠳᠤ ᠪᠦᠬᠦ ᠬᠤᠳᠠ ᠶᠢᠨ ᠪᠠᠭᠰᠢ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠵᠤ ᠬᠢᠴᠢᠶᠡᠯ ᠢᠶᠠᠨ ᠰᠡᠷᠭᠦᠭᠡᠬᠦ᠂ ᠰᠤᠷᠭᠠᠭᠤᠯᠢ ᠶᠢᠨ ᠬᠦᠷᠢᠶᠡᠨ ᠤ ᠠᠶᠤᠯᠭᠦᠢ ᠶᠢ ᠰᠠᠶᠢᠲᠤᠷ ᠠᠳᠬᠤᠬᠤ ᠵᠡᠷᠭᠡ ᠠᠵᠢᠯ ᠳᠤ ᠪᠠᠶᠢᠷᠢᠯᠠᠭᠤᠯᠤᠯᠲᠠ ᠬᠢᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ