ᠡᠮᠡᠭᠲᠡᠢ ᠴᠡᠷᠢᠭ ᠤᠨ ᠡᠯᠰᠡᠯᠳᠡ ᠡᠬᠢᠯᠡᠯ᠎ᠡ
ᠨᠡᠶᠢᠲᠡᠯᠡᠭᠰᠡᠨ ᠴᠠᠭ᠄
2022/12/24
      ᠪᠦᠭᠦ ᠤᠯᠤᠰ ᠤᠨ ᠴᠡᠷᠢᠭ ᠡᠯᠰᠡᠭᠦ ᠠᠵᠢᠯ ᠤᠨ (ᠡᠮᠡᠭᠲᠡᠢ ᠴᠡᠷᠢᠭ) 2023 ᠣᠨ ᠤ ᠳᠡᠭᠡᠷ᠎ᠡ ᠬᠠᠭᠠᠰ ᠵᠢᠯ ᠳᠤ ᠡᠯᠰᠡᠭᠦᠯᠭᠦ ᠨᠡᠷ᠎ᠡ ᠮᠡᠳᠡᠭᠦᠯᠭᠦ ᠠᠵᠢᠯ 2023 ᠣᠨ ᠤ 1 ᠰᠠᠷ᠎ᠠ ᠶᠢᠨ 1 ᠤ ᠡᠳᠦᠷ ᠠᠴᠠ ᠡᠭᠢᠯᠡᠭᠦ ᠪᠣᠯᠣᠨ᠎ᠠ᠃      ᠴᠤᠭ ᠵᠢᠪᠬᠤᠭ᠎ᠠ ᠲᠠᠢ ᠡᠮᠡᠭᠲᠡᠢ ᠴᠡᠷᠢᠭ ᠪᠣᠯᠣᠶ᠎ᠠ ᠭᠡᠪᠡᠯ      ᠴᠠᠭ ᠢ ᠵᠠᠪᠳᠤᠨ ᠨᠡᠷ᠎ᠡ ᠮᠡᠳᠡᠭᠦᠯᠦᠭᠡᠷᠡᠢ︕      ᠨᠡᠷ᠎ᠡ ᠮᠡᠳᠡᠭᠦᠯᠭᠦ ᠡᠲᠡᠭᠡᠳ ᠪᠠ ᠨᠡᠷ᠎ᠡ ᠮᠡᠳᠡᠭᠦᠯᠭᠦ ᠴᠠᠭ᠄      ᠳᠡᠭᠡᠷ᠎ᠡ ᠬᠠᠭᠠᠰ ᠵᠢᠯ ᠤᠨ ᠴᠡᠷᠢᠭ ᠲᠤ ᠡᠯᠰᠡᠭᠦ ᠨᠡᠷ᠎ᠡ ᠮᠡᠳᠡᠭᠦᠯᠭᠦ ᠡᠲᠡᠭᠡᠳ᠄      ᠡᠩ ᠤᠨ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠪᠦᠬᠦᠯᠢ ᠡᠳᠦᠷ ᠤᠨ ᠳᠦᠷᠢᠮᠲᠦ ᠲᠣᠰ ᠬᠤᠭᠤᠴᠠᠭᠠᠨ ᠤ ᠲᠡᠭᠦᠰᠬᠦ ᠰᠣᠷᠣᠬᠴᠢ ᠵᠢᠴᠢ ᠰᠤᠷᠭᠠᠭᠤᠯᠢ ᠳᠤ ᠪᠠᠶᠢᠭ᠎ᠠ ᠰᠣᠷᠣᠬᠴᠢ᠂ 18 ᠠᠴᠠ 22 ᠪᠦᠬᠦᠯᠢ ᠨᠠᠰᠤ︵2001 ᠣᠨ ᠤ 1 ᠰᠠᠷ᠎ᠠ ᠶᠢᠨ 1 ᠤ ᠡᠳᠦᠷ ᠠᠴᠠ 2005 ᠣᠨ ᠤ 12 ᠰᠠᠷ᠎ᠠ ᠶᠢᠨ 31 ᠤ ᠡᠳᠦᠷ ᠪᠤᠯᠲᠠᠯᠠᠭᠢ ᠬᠤᠭᠤᠴᠠᠭᠠᠨ ᠳᠤ ᠲᠦᠷᠦᠭᠰᠡᠨ︶ᠭᠦᠷᠦᠭᠰᠡᠨ ᠪᠠᠶᠢᠬᠤ᠂ ᠪᠦᠬᠦᠯᠢ ᠡᠳᠦᠷ ᠤᠨ ᠳᠦᠷᠢᠮᠲᠦ ᠰᠤᠳᠤᠯᠬᠤ ᠰᠣᠷᠣᠬᠴᠢ ᠶᠢᠨ ᠲᠣᠰ ᠬᠤᠭᠤᠴᠠᠭᠠᠨ ᠤ ᠲᠡᠭᠦᠰᠬᠦ ᠰᠣᠷᠣᠬᠴᠢ ᠵᠢᠴᠢ ᠰᠤᠷᠭᠠᠭᠤᠯᠢ ᠳᠤ ᠪᠠᠶᠢᠭ᠎ᠠ ᠰᠣᠷᠣᠬᠴᠢ ᠪᠦᠬᠦᠯᠢ 26 ᠨᠠᠰᠤ ᠭᠦᠷᠦᠭᠰᠡᠨ ᠪᠠᠶᠢᠵᠤ ᠪᠣᠯᠣᠨ᠎ᠠ᠃ 2022 ᠣᠨ ᠪ᠊ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠲᠣᠰ ᠬᠤᠭᠤᠴᠠᠭᠠᠨ ᠳᠤ ᠲᠡᠭᠦᠰᠦᠭᠰᠡᠨ ᠰᠤᠷᠤᠬᠴᠢᠳ 2023 ᠣᠨ ᠤ ᠳᠡᠭᠡᠷ᠎ᠡ ᠬᠠᠭᠠᠰ ᠵᠢᠯ ᠤᠨ ᠡᠮᠡᠭᠲᠡᠢ ᠴᠡᠷᠢᠭ ᠡᠯᠰᠡᠭᠦ ᠳᠤ ᠨᠡᠷ᠎ᠡ ᠮᠡᠳᠡᠭᠦᠯᠦᠨ ᠣᠷᠣᠯᠴᠠᠵᠤ ᠪᠣᠯᠣᠨ᠎ᠠ᠂ ᠨᠠᠰᠤ ᠶᠢ ᠨᠢ ᠪᠦᠬᠦᠯᠢ 23 ᠨᠠᠰᠤ ᠭᠦᠷᠲᠡᠯ᠎ᠡ ᠠᠭᠤᠵᠢᠭᠤ ᠪᠣᠯᠭᠠᠨ᠎ᠠ᠃      ᠳᠡᠭᠡᠷ᠎ᠡ ᠬᠠᠭᠠᠰ ᠵᠢᠯ ᠤᠨ ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠭᠦ ᠴᠠᠭ᠄      2023.01.01 - 2023.02.10      ᠨᠡᠷ᠎ᠡ ᠮᠡᠳᠡᠭᠦᠯᠭᠦ ᠭᠡᠯᠪᠡᠷᠢ᠄      ᠠᠷᠭ᠎ᠠ ᠨᠢᠭᠡ᠄      ︽ᠲᠥᠪ ᠲᠧᠯᠸᠢᠰ ᠤᠨ ᠴᠡᠷᠢᠭ ᠤᠨ ᠶᠠᠪᠤᠳᠠᠯ︾ ᠤᠨ ᠵᠢᠷᠭᠢᠶ᠎ᠡ ᠲᠠᠪᠴᠠᠩ ᠳᠤ ᠣᠷᠣᠵᠤ ᠲᠦᠷᠦᠭᠦᠸ ᠨᠢᠭᠤᠷ ᠤᠨ ᠲᠣᠪᠶᠤᠭ ᠠᠴᠠ︽ᠴᠡᠷᠢᠭ ᠲᠤ ᠡᠯᠰᠡᠭᠦ︾ ᠳᠠᠷᠤᠪᠴᠢ ᠪᠠᠷ ᠵᠠᠯᠭᠠᠨ︽ᠪᠦᠭᠦ ᠤᠯᠤᠰ ᠤᠨ ᠴᠡᠷᠢᠭ ᠡᠯᠰᠡᠭᠦ︾ ᠰᠤᠪᠠᠭ ᠤᠷᠤᠭᠤ ᠣᠷᠣᠨ᠎ᠠ᠃      ᠠᠷᠭ᠎ᠠ ᠬᠤᠶᠠᠷ᠄      ︽ᠪᠦᠭᠦ ᠤᠯᠤᠰ ᠤᠨ ᠴᠡᠷᠢᠭ ᠲᠤ ᠡᠯᠰᠡᠭᠦ ᠰᠦᠯᠵᠢᠶ᠎ᠡ︾ ᠪᠠᠷ ᠨᠡᠷ᠎ᠡ ᠮᠡᠳᠡᠭᠦᠯᠵᠦ ᠪᠣᠯᠣᠨ᠎ᠠ᠃ ᠰᠦᠯᠵᠢᠶᠡᠨ ᠬᠠᠶ᠋ᠢᠭ᠄  Https://www.gfbzb.gov.cn/ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ