ᠪᠣᠣ ᠭᠠᠩ ᠾᠧ ᠬᠠᠢ ᠳ᠋ᠦᠩ ᠣᠷᠣᠯᠴᠠᠪᠠ | 12 ᠳ᠋ᠤᠭᠠᠷ ᠰᠠᠷ᠎ᠠ ᠶᠢᠨ 23 ᠤ ᠦᠳᠡ ᠶᠢᠨ ᠡᠮᠦᠨ᠎ᠡ᠂ ᠬᠤᠳᠠ ᠶᠢᠨ ᠵᠠᠰᠠᠭ ᠤᠨ ᠣᠷᠳᠣᠨ᠂ ᠬᠤᠷᠢᠨᠭᠡᠷ ᠰᠢᠨ᠎ᠡ ᠲᠣᠭᠤᠷᠢᠭ ᠲᠤᠰ ᠲᠤᠰ ᠵᠠᠮ ᠬᠠᠷᠢᠯᠴᠠᠭᠠᠨ ᠤ ᠪᠠᠩᠬᠢ ᠶᠢᠨ | ᠥᠪᠥᠷ ᠮᠣᠩᠭᠤᠯ ᠤᠨ ᠬᠤᠪᠢᠶᠠᠷᠢ ᠪᠠᠩᠬᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠪᠣᠯᠣᠨ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ | ᠵᠥᠪᠯᠡᠯᠴᠡᠭᠡᠷ ᠲᠣᠭᠲᠠᠪᠠ᠃ | ᠵᠠᠮ ᠬᠠᠷᠢᠯᠴᠠᠭᠠᠨ ᠤ ᠪᠠᠩᠬᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠩᠬᠢ ᠶᠢᠨ ᠳᠠᠷᠤᠭ᠎ᠠ ᠯᠢᠦ ᠵᠢᠶᠦ᠋ᠨ ᠠᠯᠤᠰ ᠠᠴᠠ ᠸᠢᠳᠢᠤ᠋ ᠪᠠᠷ ᠭᠠᠷ ᠤᠨ ᠥᠰᠥᠭ ᠵᠢᠷᠤᠬᠤ | ᠶᠣᠰᠣᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ | ᠣᠷᠣᠯᠴᠠᠪᠠ᠃ | ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠪᠠᠩᠬᠢ ᠶᠢᠨ ᠳᠠᠷᠤᠭ᠎ᠠ ᠮᠧᠩ ᠵᠧᠨ ᠬᠤᠲᠠ ᠶᠢᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠲᠠᠢ ᠲᠣᠰ ᠲᠣᠰ ᠵᠥᠪᠯᠡᠯᠴᠡᠭᠡᠷ ᠲᠣᠭᠲᠠᠪᠠ᠃ | ᠵᠥᠪᠯᠡᠯᠴᠡᠭᠡᠷ ᠲᠣᠭᠲᠠᠬᠤ ᠠᠴᠠ ᠡᠮᠦᠨ᠎ᠡ᠂ ᠯᠢᠦ ᠵᠢᠶᠦ᠋ᠨ ᠪᠣᠣ ᠭᠠᠩ ᠲᠠᠢ ᠰᠦᠯᠵᠢᠶᠡᠨ ᠳᠡᠭᠡᠷ᠎ᠡ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠶᠠᠷ ᠲᠠᠯ᠎ᠠ ᠪᠠᠷ ᠢᠶᠠᠨ | ᠬᠠᠷᠢᠯᠴᠠᠨ ᠳᠡᠮᠵᠢᠭᠰᠡᠭᠡᠷ ᠢᠷᠡᠭᠰᠡᠨ ᠳᠤ ᠬᠠᠷᠢᠯᠴᠠᠨ ᠲᠠᠯᠠᠷᠬᠠᠵᠤ᠂ ᠵᠠᠮ ᠬᠠᠷᠢᠯᠴᠠᠭᠠᠨ ᠤ ᠪᠠᠩᠬᠢ ᠶᠢᠨ ᠶᠡᠷᠦᠩᠬᠡᠢ ᠪᠠᠩᠬᠢ ᠶᠢᠨ ᠲᠤᠭ᠎ᠠ ᠪᠠᠷᠢᠮᠲᠠ ᠶᠢᠨ ᠲᠥᠪ ᠤᠨ ᠲᠦᠷᠦᠯ | ᠵᠦᠢᠯ ᠪᠠᠶᠢᠭᠤᠯᠤᠭᠳᠠᠵᠤ ᠭᠠᠷ ᠤᠨ ᠦᠰᠦᠭ ᠵᠢᠷᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠬᠤᠶᠠᠷ ᠲᠠᠯ᠎ᠠ ᠪᠠᠷ ᠢᠶᠠᠨ ᠪᠦᠬᠦ ᠲᠠᠯ᠎ᠠ ᠶᠢᠨ᠂ ᠤᠯᠠᠨ ᠬᠦᠷᠢᠶᠡᠨ ᠤ᠂ | ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠥᠷᠨᠢᠭᠦᠯᠵᠦ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠬᠠᠮᠲᠤᠪᠠᠷ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠪᠡ᠃ | ᠣᠶᠢᠯᠠᠭᠠᠭᠰᠠᠨ ᠢᠶᠠᠷ᠂ ᠲᠣᠰ ᠤᠳᠠᠭ᠎ᠠ ᠲᠣᠭᠲᠠᠭᠰᠠᠨ ᠵᠥᠪᠯᠡᠯᠴᠡᠭᠡᠷ ᠲᠤ ᠬᠤᠷᠢᠨᠭᠡᠷ ᠰᠢᠨ᠎ᠡ ᠲᠣᠭᠤᠷᠢᠭ ᠲᠤ ᠣᠷᠣᠵᠤ ᠰᠠᠭᠤᠭᠰᠠᠨ ᠵᠠᠮ ᠬᠠᠷᠢᠯᠴᠠᠭᠠᠨ ᠤ ᠪᠠᠩᠬᠢ ᠶᠢᠨ | ᠶᠡᠷᠦᠩᠬᠡᠢ ᠪᠠᠩᠬᠢ ᠶᠢᠨ ᠲᠤᠭ᠎ᠠ ᠪᠠᠷᠢᠮᠲᠠ ᠶᠢᠨ ᠲᠥᠪ ᠤᠨ ᠲᠥᠷᠥᠯ ᠵᠦᠢᠯ ᠵᠢᠴᠢ ᠬᠥᠬᠡᠬᠤᠲᠠ ᠬᠢᠭᠡᠳ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ | ᠪᠠᠩᠬᠢ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠬᠥᠭᠵᠢᠯᠲᠡ᠂ ︽ᠣᠶᠤᠨᠲᠤ ᠬᠥᠬᠡᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ | ᠪᠤᠳᠠᠳᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠪᠠ ᠭᠤᠣᠯᠳᠠᠯᠭ᠎ᠠ ᠲᠠᠢ ᠬᠦᠷᠢᠶᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠵᠡᠷᠭᠡ ᠲᠠᠯ᠎ᠠ ᠪᠠᠷ ᠬᠢ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠪᠠᠭᠲᠠᠭᠠᠵᠠᠢ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ ᠭᠠᠷ ᠤᠨ ᠥᠰᠥᠭ ᠵᠢᠷᠤᠬᠤ ᠶᠣᠰᠣᠯᠠᠯ ᠳᠤ | ᠣᠷᠣᠯᠴᠠᠵᠤ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠣᠷᠣᠯᠴᠠᠵᠠᠢ᠃︵ᠯᠢ ᠬᠠᠢ ᠵᠧᠨ︶ |