ᠸᠠᠩ ᠯᠢ ᠰᠢᠶᠠ ᠬᠥᠬᠡᠬᠤᠲᠠ ᠳᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/12/26
      ︵ᠰᠤᠷᠪᠤᠯᠵᠢᠯᠠᠭᠴᠢ ᠠᠨ ᠶᠢᠨ ᠳ᠋ᠦᠩ︶ 12 ᠳ᠋ᠤᠭᠠᠷ ᠰᠠᠷ᠎ᠠ ᠶᠢᠨ 25 ᠤ ᠡᠳᠦᠷ᠂ ᠸᠠᠩ ᠯᠢ ᠰᠢᠶᠠ ᠬᠥᠬᠡᠬᠤᠲᠠ ᠳᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠨ ᠰᠤᠳᠤᠯᠪᠠ᠃      ᠸᠠᠩ ᠯᠢ ᠰᠢᠶᠠ ᠲᠤᠰ ᠲᠤᠰ ᠪᠤᠭᠤᠲᠤ ᠶᠡᠭᠡ ᠵᠡᠭᠡᠯᠢ᠂ ᠦᠬᠠᠢ ᠵᠡᠭᠦᠨ ᠵᠡᠭᠡᠯᠢ᠂ ᠶᠢᠨ ᠱᠧᠩ ᠶᠡᠭᠡ ᠬᠥᠭᠦᠷᠭᠡ ᠶᠢᠨ ᠡᠮᠦᠨ᠎ᠡ ᠬᠡᠰᠡᠭ᠂ ᠵᠤᠤ ᠤᠳᠠ ᠵᠠᠮ ᠤᠨ ᠡᠮᠦᠨᠡᠰᠢ ᠰᠤᠨᠤᠭᠰᠠᠨ ᠬᠡᠰᠡᠭ᠂ ᠬᠢᠩᠭᠠᠨ ᠡᠮᠦᠨ᠎ᠡ ᠵᠠᠮ ᠵᠡᠷᠭᠡ ᠵᠠᠮ ᠤᠨ ︽ᠲᠦᠭᠵᠢᠷᠡᠯ︾ ᠲᠠᠢ ᠬᠡᠰᠡᠭ ᠤᠨ ᠲᠡᠷᠭᠡ ᠨᠡᠪᠲᠡᠷᠡᠭᠰᠡᠨ ᠪᠠᠶᠢᠳᠠᠯ ᠢ ᠪᠠᠶᠢᠴᠠᠭᠠᠨ ᠰᠤᠳᠤᠯᠵᠠᠢ᠃ ᠲᠡᠷᠡ ᠴᠢᠬᠤᠯᠠᠴᠢᠯᠠᠭᠰᠠᠨ ᠨᠢ᠂ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠂ ︽ᠲᠠᠰᠤᠷᠬᠠᠢ ᠵᠠᠮ︾ ᠢ ᠤᠯᠠᠮ ᠨᠢᠭᠡ ᠠᠯᠬᠤᠮ ᠨᠠᠪᠲᠠᠷᠡᠭᠦᠯᠵᠦ᠂ ︽ᠪᠢᠴᠢᠯ ᠣᠷᠴᠢᠯ︾ ᠢ ᠰᠠᠭᠠᠳ ᠦᠭᠡᠢ ᠨᠠᠪᠲᠠᠷᠡᠭᠦᠯᠵᠦ᠂ ᠥᠷᠭᠡᠨ ᠣᠯᠠᠨ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠬᠦ ᠬᠡᠷᠡᠭᠲᠡᠢ ᠭᠡᠵᠡᠢ᠃      ᠸᠠᠩ ᠯᠢ ᠰᠢᠶᠠ ᠭᠤᠷᠪᠠᠳᠤᠭᠠᠷ ᠲᠣᠭᠤᠷᠢᠯ ᠵᠠᠮ ᠤᠨ ᠡᠮᠦᠨ᠎ᠡ ᠱᠤᠭᠤᠮ᠂ ᠬᠤᠷᠴᠢᠨ ᠵᠥᠷᠢᠯᠢᠭ ᠬᠥᠭᠦᠷᠭᠡ᠂ ᠬᠥᠬᠡᠬᠤᠲᠠ ᠵᠡᠭᠦᠨᠭᠠᠷ ᠤᠨ ᠵᠥᠷᠢᠯᠢᠭ ᠬᠥᠭᠦᠷᠭᠡ᠂ ᠶᠢᠨ ᠬᠠᠢ ᠵᠠᠮ ᠤᠨ ᠵᠡᠭᠦᠨᠰᠢ ᠰᠣᠨᠣᠭᠰᠠᠨ ᠬᠡᠰᠡᠭ ᠵᠡᠷᠭᠡ ᠵᠠᠮ ᠤᠨ ᠲᠡᠷᠭᠡ ᠨᠡᠪᠲᠡᠷᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠸᠠᠩ ᠯᠢ ᠰᠢᠶᠠ ᠬᠡᠯᠡᠬᠦ ᠳᠡᠭᠡᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠠᠴᠠ ᠡᠭᠦᠰᠴᠦ᠂ ᠨᠠᠷᠢᠨ ᠨᠢᠮᠪᠠᠢ ᠲᠥᠯᠥᠪᠯᠡᠵᠦ᠂ ᠣᠨᠴᠠᠯᠢᠭ ᠢᠶᠠᠨ ᠲᠤᠪᠤᠶᠢᠯᠭᠠᠵᠦ᠂ ᠬᠠᠷᠢᠯᠴᠠᠨ ᠨᠡᠪᠲᠡᠷᠡᠯᠴᠡᠬᠦ ᠵᠥᠷᠢᠯᠢᠭ ᠬᠥᠭᠦᠷᠭᠡ ᠵᠡᠷᠭᠡ ᠵᠠᠩᠭᠢᠯᠠᠭ᠎ᠠ ᠶᠢᠨ ᠴᠡᠭ ᠲᠤ ᠨᠣᠭᠤᠭᠠᠷᠠᠭᠤᠯᠬᠤ᠂ ᠭᠡᠷᠡᠯᠲᠦᠭᠦᠯᠬᠦ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠪᠠᠶᠢᠭᠤᠯᠵᠤ᠂ ︽ᠦᠵᠡᠰᠬᠦᠯᠡᠩᠲᠦ ᠰᠠᠶᠢᠬᠠᠨ ᠬᠥᠬᠡ ᠬᠤᠳᠠ ᠥᠨᠢᠷ ᠪᠠᠶᠠᠯᠢᠭ ᠲᠠᠯ᠎ᠠ ᠶᠢᠨ ᠬᠤᠳᠠ︾ ᠶᠢᠨ ᠨᠡᠷ᠎ᠡ ᠶᠢᠨ ᠬᠠᠭᠤᠳᠠᠰᠤ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃       ᠮᠠ ᠽᠦᠩ ᠱᠠᠨ ᠠᠭᠤᠯᠠ ᠶᠢᠨ ᠴᠠᠨᠠᠯᠠᠯᠲᠠ ᠶᠢᠨ ᠲᠠᠯᠠᠪᠠᠢ ᠳᠤ᠂ ᠸᠠᠩ ᠯᠢ ᠰᠢᠶᠠ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠴᠠᠨᠠᠯᠠᠯᠲᠠ ᠶᠢᠨ ᠲᠠᠯᠠᠪᠠᠢ ᠶᠢᠨ ᠰᠢᠨ᠎ᠡ ᠪᠠᠷ ᠥᠷᠭᠡᠳᠬᠡᠨ ᠪᠠᠶᠢᠭᠤᠯᠬᠤ ᠲᠦᠷᠦᠯ ᠵᠦᠢᠯ ᠵᠢᠴᠢ ᠮᠥᠰᠥ ᠴᠠᠰᠤᠨ ᠤ ᠤᠯᠠᠷᠢᠯ ᠤᠨ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠵᠤ᠂ ᠭᠥᠯᠢᠶᠡᠨ ᠠᠪᠬᠤ ᠲᠥᠪ ᠤᠨ ᠬᠤᠭᠤᠯᠠᠨ ᠭᠡᠷ ᠤᠨ ᠬᠤᠭᠤᠯᠠ ᠪᠤᠳᠠᠭᠠᠨ ᠤ ᠦᠨ᠎ᠡ ᠶᠢ ᠠᠰᠠᠭᠤᠬᠤ ᠶᠢᠨ ᠬᠠᠮᠲᠤ ᠴᠠᠨᠠᠯᠠᠯᠲᠠ ᠳᠤ ᠪᠠᠭ᠋ᠠᠲᠠᠢ ᠬᠥᠮᠥᠰ ᠲᠠᠢ ᠳᠣᠲᠣᠨᠣ ᠪᠠᠷ ᠶᠠᠷᠢᠯᠴᠠᠪᠠ᠃ ᠲᠡᠷᠡ ᠬᠡᠯᠡᠬᠦ ᠳᠡᠭᠡᠨ᠂ ᠴᠠᠨᠠᠯᠠᠯᠲᠠ ᠶᠢᠨ ᠲᠠᠯᠠᠪᠠᠶ ᠨᠢ ᠳᠥᠷᠪᠡᠨ ᠤᠯᠠᠷᠢᠯ ᠤᠨ ᠡᠵᠡᠩᠨᠡᠯᠲᠡ ᠶᠢᠨ ᠵᠠᠭᠪᠤᠷ  ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠦᠷᠭᠦᠯᠵᠢᠯᠡᠬᠦ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ︽ᠬᠦᠢᠲᠡᠨ ᠤ ᠡᠬᠢ ᠪᠠᠶᠠᠯᠢᠭ︾ ᠢ ᠦᠷᠭᠦᠯᠵᠢᠯᠡᠨ ᠬᠥᠭᠵᠢᠭᠡᠬᠦ ᠬᠡᠷᠡᠭᠲᠡᠢ ᠭᠡᠵᠡᠢ᠃      ᠪᠣᠣ ᠭᠠᠩ ᠠᠵᠢᠯᠯᠠᠭ᠎ᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ