ᠬᠦᠬᠡᠬᠤᠳᠠ ᠰᠤᠶᠤᠯ ᠵᠢᠭᠤᠯᠴᠢᠯᠠᠯ ᠢᠶᠠᠷ ᠬᠦᠳᠡᠭᠡ ᠲᠤᠰᠬᠤᠨ ᠤ ᠬᠦᠭᠵᠢᠯ ᠮᠠᠨᠳᠤᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2022/12/26
ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠬᠥᠭᠵᠢᠯᠲᠦ     ᠬᠥᠬᠡᠬᠤᠲᠠ ᠶᠢᠨ ᠰᠠᠢᠬᠠᠨ ᠲᠣᠭᠤᠷᠢᠭ ᠤᠨ ᠬᠥᠮᠥᠨ ᠴᠢᠯᠠᠭᠤᠨ ᠲᠣᠬᠤᠢ ᠲᠤᠰᠬᠤᠨ ᠪᠤᠯ ᠬᠦᠬᠡᠬᠤᠳᠠ ᠶᠢᠨ ᠶᠡᠭᠡ ᠲᠦᠷᠭᠡᠨ ᠭᠤᠤᠯ ᠤᠨ ᠡᠬᠢ ᠠᠪᠤᠭᠰᠠᠨ ᠭᠠᠵᠠᠷ ᠤᠨ ᠨᠢᠭᠡ ᠪᠠᠶᠢᠵᠤ᠂ ᠦᠯᠢᠭᠡᠷ ᠲᠤᠮᠤᠭᠳᠦ ᠠᠭᠤᠯᠠ ᠬᠠᠳᠠ᠂ ᠰᠠᠬᠤᠯᠢᠭ ᠤᠷᠭᠤᠭᠰᠠᠨ ᠣᠢ ᠮᠣᠳᠣ᠂ ᠵᠦᠯᠬᠡᠳᠦ ᠲᠠᠯ᠎ᠠ ᠲᠤᠩᠭᠠᠯᠠᠭ ᠭᠤᠷᠤᠬ᠎ᠠ ᠨᠢ ᠡᠳᠡᠭᠡᠳ ᠰᠠᠶᠢᠬᠠᠨ ᠦᠩᠬᠡ ᠦᠵᠡᠮᠵᠢ ᠶᠢ ᠪᠦᠷᠢᠳᠦᠬᠦᠯᠵᠦ᠂ ᠬᠦᠬᠡᠬᠤᠳᠠ ᠶᠢᠨ ᠰᠠᠭᠤᠭᠠᠯᠢ ᠠᠷᠠᠳ ᠤᠨ ᠬᠦᠷᠢᠶᠡᠯᠡᠯ ᠢ ᠤᠯᠤᠭᠰᠠᠨ ᠵᠢᠭᠤᠯᠴᠢᠯᠠᠯ ᠤᠨ ᠬᠦᠭᠵᠢᠶᠡᠨᠳᠤ ᠭᠠᠵᠠᠷ ᠪᠤᠯᠵᠠᠢ᠃ ᠢᠯᠠᠩᠭᠤᠶ᠎ᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠰᠤᠷᠭᠠᠨ ᠬᠥᠮᠦᠵᠢᠯ ᠤᠨ ᠰᠠᠭᠤᠷᠢᠨ ᠳᠠᠭᠠᠨ ᠳᠡᠯᠭᠡᠨ ᠦᠵᠡᠬᠦᠯᠵᠤ ᠪᠠᠶᠢᠭ᠎ᠠ ᠡᠯᠳᠡᠪ ᠪᠣᠳᠠᠰ ᠪᠠ ᠵᠠᠭᠪᠤᠷ ᠨᠢ ᠵᠢᠭᠤᠯᠴᠢᠯᠠᠭᠴᠢᠳ ᠲᠤ ᠲᠤᠬᠠᠢ ᠶᠢᠨ ᠭᠠᠵᠠᠷ ᠤᠨ ᠵᠠᠩ ᠦᠢᠯᠡ ᠰᠣᠶᠣᠯ ᠢ ᠣᠶᠢᠯᠠᠭᠠᠭᠤᠯᠬᠤ ᠶᠢᠨ ᠬᠠᠮᠲᠤ ᠪᠠᠰᠠ ᠡᠬᠡ ᠪᠠᠶᠢᠭᠠᠯᠢ ᠶᠢᠨ ᠭᠠᠶᠢᠬᠠᠮᠰᠢᠭ ᠢ ᠬᠠᠷᠠᠭᠤᠯᠤᠨ᠎ᠠ᠃      ᠬᠦᠬᠡᠬᠤᠳᠠ ᠶᠢᠨ ᠰᠢᠨ᠎ᠡ ᠬᠤᠲᠠ ᠲᠣᠭᠤᠷᠢᠭ ᠤᠨ ᠣᠪᠣᠭ᠎ᠠ ᠲᠣᠰᠬᠤᠨ᠂ ᠬᠤᠲᠣᠩ ᠠᠷᠠᠳ ᠤᠨ ᠲᠣᠭᠤᠷᠢᠭ ᠤᠨ ᠮᠣᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ᠂ ᠬᠤᠷᠢᠨᠭᠡᠷ ᠰᠢᠶᠠᠨ ᠤ ᠱᠧᠩ ᠯᠧ ᠪᠠᠯᠭᠠᠰᠤ ᠶᠢᠨ ᠲᠠᠶᠢᠵᠢ ᠶᠢᠨ ᠠᠵᠢᠯ ᠲᠣᠰᠬᠤᠨ ᠳᠤ ᠪᠠᠶᠢᠳᠠᠭ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠬᠡᠷᠡᠮ ᠵᠡᠷᠭᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠨᠢ ᠵᠢᠭᠤᠯᠴᠢᠯᠠᠭᠰᠠᠳ ᠲᠤ ᠵᠢᠶᠠᠩᠨᠠᠨ ᠨᠤᠲᠤᠭ ᠤᠨ ᠵᠠᠩ ᠦᠢᠯᠡ᠂ ᠣᠪᠣᠭ᠎ᠠ ᠲᠣᠰᠬᠤᠨ ᠤ ᠲᠡᠦᠬᠡ᠂ ᠠᠷᠠᠳ ᠤᠨ ᠵᠠᠩ ᠵᠠᠩᠰᠢᠯ᠂ ᠲᠤᠮᠳᠠᠳᠦ ᠶᠢᠨ ᠰᠢᠯᠢᠳᠡᠭ ᠤᠯᠠᠮᠵᠢᠯᠠᠯᠳᠦ ᠰᠣᠶᠣᠯ ᠢ ᠣᠶᠢᠯᠠᠭᠠᠭᠤᠯᠤᠨ᠎ᠠ᠃      ᠣᠶᠢᠷ᠎ᠠ ᠶᠢᠨ ᠵᠢᠯ ᠠᠴᠠ ᠨᠠᠭᠠᠰᠢ᠂ ᠬᠥᠬᠡᠬᠤᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠠᠭᠠᠨ ᠰᠣᠶᠣᠯ ᠤᠨ  ᠪᠠᠶᠢᠭᠤᠯᠤᠯᠲᠠ  ᠶᠢ ᠡᠯ᠎ᠡ ᠭᠤᠭᠴᠣᠭᠠᠨ ᠳᠤ ᠲᠤᠭᠤᠰᠢᠯᠠᠭᠤᠯᠵᠤ᠂ ᠭᠠᠵᠠᠷ ᠣᠷᠣᠨ ᠤ ᠪᠤᠳᠠᠳᠤ ᠪᠠᠶᠢᠳᠠᠯ ᠳᠠᠭᠠᠨ ᠲᠤᠬᠢᠷᠠᠭᠤᠯᠤᠨ᠂ ︽ᠨᠢᠭᠡ ᠲᠣᠰᠬᠤᠨ ᠨᠢᠭᠡ ᠲᠥᠷᠥᠯ ᠲᠡᠮᠳᠡᠭ ︾ ᠪᠦᠬᠦᠢ ᠬᠥᠳᠡᠭᠡ ᠲᠣᠰᠬᠤᠨ ᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠥᠷᠭᠡᠨ ᠤᠯᠠᠨ ᠲᠦᠮᠡᠨ ᠤ ᠣᠷᠣᠯᠭ᠎ᠠ ᠶᠢ ᠳᠠᠰᠤᠷᠠᠯᠳᠠ ᠦᠭᠡᠢ ᠨᠡᠮᠡᠭᠳᠡᠭᠦᠯᠪᠡ᠃      ᠣᠳᠣ ᠬᠥᠬᠡᠬᠤᠲᠠ ᠶᠢᠨ ᠡᠯ᠎ᠡ ᠰᠢᠶᠠᠩ ᠪᠠᠯᠭᠠᠰᠤ ᠲᠣᠰᠬᠤᠨ ᠤᠳ ᠴᠥᠮ ᠰᠣᠶᠣᠯ ᠤᠨ ᠥᠷᠲᠡᠭᠡ᠂ ᠰᠣᠶᠣᠯ ᠤᠨ ᠶᠡᠭᠡ ᠬᠦᠷᠢᠶ᠎ᠡ ᠪᠠ ᠰᠣᠶᠣᠯ ᠤᠨ ᠳᠠᠰᠤᠭ ᠪᠠᠶᠢᠭᠤᠯᠵᠤ᠂ ᠤᠯᠠᠮᠵᠢᠯᠠᠯᠲᠤ ᠨᠤᠲᠤᠭ ᠤᠨ ᠰᠣᠶᠣᠯ ᠢ ᠴᠢᠷᠮᠠᠶᠢᠨ ᠠᠭᠤᠳᠠᠯᠵᠤ ᠲᠡᠯᠭᠡᠷᠡᠬᠦᠯᠦᠨ᠂ ᠠᠵᠢᠯ ᠤᠨ ᠰᠡᠯᠡᠭᠦᠦ ᠴᠠᠭ ᠢᠶᠠᠷ ᠢᠶᠠᠨ ᠰᠣᠶᠣᠯ ᠤᠨ ᠥᠷᠲᠡᠭᠡ ᠲᠠᠰᠤᠭ ᠲᠤ ᠬᠦᠷᠴᠦ ᠮᠡᠳᠡᠯᠭᠡ ᠮᠡᠷᠭᠡᠵᠢᠯ ᠰᠤᠷᠴᠤ᠂ ᠰᠡᠯᠡᠭᠦᠴᠡᠨ ᠵᠤᠭᠠᠯᠠᠬᠤ ᠨᠢ ᠨᠢᠭᠡᠨᠲᠡ ᠰᠢᠨ᠎ᠡ ᠰᠡᠪᠡᠭᠦᠨ ᠶᠠᠪᠤᠳᠠᠯ ᠪᠢᠰᠢ ᠪᠣᠯᠵᠠᠢ᠃ ᠡᠭᠦᠨ ᠤ ᠬᠠᠮᠳᠤ ᠬᠥᠬᠡᠬᠤᠲᠠ ᠶᠢᠨ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠦᠪᠰᠢᠨ ᠴᠦ ᠲᠠᠰᠤᠷᠠᠯᠲᠠ ᠦᠭᠡᠢ ᠳᠡᠭᠡᠭᠰᠢᠯᠡᠵᠦ᠂ ᠪᠣᠶᠢᠳᠠ ᠪᠥᠭᠯᠡᠭᠦᠦ ᠭᠠᠵᠠᠷ ᠣᠷᠣᠨ᠂ ᠵᠢᠵᠢᠭ ᠲᠣᠰᠬᠤᠨ ᠳᠤ ᠰᠣᠶᠣᠯ ᠢ ᠬᠦᠷᠭᠡᠬᠦ᠂ ᠰᠢ ᠵᠦᠴᠦᠭᠡ ᠺᠢᠨᠣ᠋ ᠭᠠᠷᠭᠠᠬᠤ᠂ ᠨᠣᠮ ᠪᠢᠴᠢᠭ ᠤᠨ ᠨᠡᠭᠦᠳᠡᠯ ᠦᠢᠯᠡᠴᠢᠯᠡᠭᠡ ᠬᠠᠩᠭᠠᠬᠤ ᠵᠡᠷᠭᠡ ᠤᠨᠴᠠᠯᠢᠬᠳᠤ ᠰᠣᠶᠣᠯ ᠤᠨ ᠠᠵᠢᠯᠯᠠᠭ᠎ᠠ ᠶᠢ ᠲᠠᠰᠤᠷᠠᠯᠲᠠ ᠥᠬᠡᠶ ᠥᠷᠨᠢᠭᠦᠯᠵᠦ ᠪᠠᠶᠢᠬᠤ ᠪᠠᠷ ᠪᠠᠷᠠᠬᠤ ᠦᠬᠡᠢ ᠵᠢᠯ ᠪᠤᠯᠭᠠᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢᠶᠠᠷ ᠲᠠᠮᠵᠢᠨ ᠲᠣᠰᠬᠤᠨ ᠤ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠳᠦ ᠲᠥᠷᠥᠭᠳᠡᠯ ᠢ ᠶᠡᠭᠡ ᠪᠠᠷ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠦᠭ ᠰᠦᠨᠡᠰᠦ ᠶᠢ ᠱᠤᠭᠤᠭᠰᠠᠨ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ