ᠮᠠᠨ ᠤ ᠬᠤᠲᠠ ᠶᠢᠨ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 180 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2022/12/26
      ︵ᠰᠤᠷᠪᠤᠯᠵᠢᠯᠠᠭᠴᠢ ᠮᠢᠶᠣᠣ ᠴᠢᠩ︶ 12 ᠳ᠋ᠤᠭᠠᠷ ᠰᠠᠷ᠎ᠠ ᠶᠢᠨ 23 ᠤ ᠡᠳᠦᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠪᠦᠬᠦ ᠬᠤᠳᠠ ᠶᠢᠨ ᠠᠮᠤ ᠪᠤᠳᠠᠭᠠᠨ ᠤ ᠤᠨᠠᠯᠲᠠ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ ᠠᠩᠬ᠎ᠠ ᠤᠳᠠᠭ᠎ᠠ 180 ᠲᠦᠮᠡᠨ ᠲᠣᠨ ︵36.6 ᠳ᠋ᠦᠩᠰᠢᠭᠤᠷ ᠵᠢᠩ︶ ᠢ ᠳᠠᠪᠠᠵᠠᠢ᠃      ᠡᠨᠡ ᠵᠢᠯ ᠤᠨ ᠪᠦᠬᠦ ᠬᠤᠳᠠ ᠶᠢᠨ ᠬᠠᠪᠤᠷ ᠤᠨ ᠲᠠᠷᠢᠶᠠᠯᠠᠭ᠎ᠠ ᠪᠣᠯᠣᠨ ᠨᠠᠮᠤᠷ ᠤᠨ ᠬᠤᠷᠢᠶᠠᠯᠲᠠ ᠶᠢᠨ ᠬᠤᠶᠠᠷ ᠶᠡᠭᠡ ᠵᠠᠩᠭᠢᠯᠠᠭ᠎ᠠ ᠶᠢᠨ ᠴᠠᠭ ᠦᠶ᠎ᠡ ᠳᠤ ᠬᠤᠶᠠᠷ ᠡᠭᠡᠯᠵᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠳᠤ ᠤᠴᠠᠷᠠᠵᠤ᠂ ᠡᠭᠦᠨ ᠤ ᠳᠡᠭᠡᠷ᠎ᠡ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠭᠠᠩ ᠬᠠᠭᠰᠠᠷᠠᠭᠠᠨ ᠪᠣᠯᠵᠤ 7᠂ 8 ᠬᠤᠶᠠᠷ ᠰᠠᠷ᠎ᠠ ᠳᠤ ᠦᠶᠡᠷ ᠤᠰᠤᠲᠤᠯ ᠪᠣᠯᠪᠠ᠂ ᠤᠯᠠᠨ ᠳᠠᠪᠬᠤᠷ ᠬᠦᠨᠳᠦ ᠬᠡᠴᠡᠭᠦᠦ ᠥᠷᠢᠰᠦᠯᠳᠦᠭᠡᠨ ᠤ ᠡᠮᠦᠨ᠎ᠡ᠂ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠮᠤ ᠪᠤᠳᠠᠭᠠᠨ ᠤ ᠠᠶᠤᠯᠭᠦᠢ ᠶᠢ ᠴᠠᠭ ᠢᠮᠠᠭᠲᠠ ᠭᠤᠣᠯᠳᠠᠯᠭ᠎ᠠ ᠶᠢᠨ ᠳᠣᠲᠣᠷᠠᠬᠢ ᠭᠤᠣᠯ ᠪᠠᠶᠢᠷᠢᠨ ᠳᠤ ᠲᠠᠯᠪᠢᠵᠤ᠂ ᠠᠮᠤ ᠪᠤᠳᠠᠭᠠᠨ ᠤ ᠠᠶᠤᠯᠭᠦᠢ ᠶᠢᠨ ᠨᠠᠮ ᠵᠠᠰᠠᠭ ᠤᠨ ᠠᠳᠠᠯᠢ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠠᠮᠤ ᠪᠤᠳᠠᠭᠠᠨ ᠤ ᠦᠢᠯᠡᠳᠪᠦᠷᠢᠯᠡᠯ ᠤᠨ ᠲᠣᠭᠲᠠᠭᠤᠨ ᠤ ᠳᠤᠮᠳᠠ ᠶᠢ ᠪᠠᠲᠤᠯᠠᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠴᠢᠨᠠᠷ ᠰᠠᠶᠢᠲᠠᠢ ᠥᠨᠳᠥᠷ ᠪᠦᠲᠦᠮᠵᠢᠲᠡᠶ ᠠᠵᠢᠯᠯᠠᠭ᠎ᠠ ᠶᠢ ᠬᠡᠷᠡᠭᠵᠢᠭᠦᠯᠦᠨ᠂ ᠠᠮᠤ ᠪᠤᠳᠠᠭᠠᠨ ᠤ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ ᠪᠠ ᠲᠠᠷᠢᠶᠠᠯᠠᠩ ᠤᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡ ᠬᠡᠯᠪᠡᠷᠢ ᠪᠠᠷ ᠬᠤᠯᠢᠯᠳᠤᠭᠤᠯᠤᠨ ᠳᠠᠷᠢᠬᠤ ᠮᠡᠷᠭᠡᠵᠢᠯ ᠢ ᠳᠡᠯᠭᠡᠷᠡᠭᠦᠯᠦᠨ ᠬᠡᠷᠡᠭᠵᠢᠬᠦᠯᠪᠡ᠃      ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠥᠬᠡᠬᠤᠲᠠ ᠶᠢᠨ ᠪᠠᠶᠢᠴᠠᠭᠠᠯᠲᠠ ᠶᠢᠨ ᠠᠩᠭᠢ ᠶᠢᠨ ᠲᠤᠭ᠎ᠠ ᠪᠠᠷᠢᠮᠲᠠ ᠳᠤ ᠢᠯᠡᠷᠡᠭᠰᠡᠨ ᠢᠶᠠᠷ᠂ ᠬᠥᠬᠡᠬᠤᠲᠠ ᠶᠢᠨ 2022 ᠣᠨ ᠤ ᠠᠮᠤ ᠪᠤᠳᠠᠭ᠎ᠠ ᠲᠠᠷᠢᠭᠰᠠᠨ ᠲᠠᠯᠠᠪᠠᠶ 501.76 ᠲᠦᠮᠡᠨ ᠮᠦ ᠬᠦᠷᠴᠦ᠂ ᠳᠡᠭᠡᠷ᠎ᠡ ᠵᠢᠯ ᠤᠨ ᠬᠢ ᠠᠴᠠ 6.72 ᠲᠦᠮᠡᠨ ᠮᠦ ᠨᠡᠮᠡᠭᠳᠡᠨ᠂ 1.36% ᠪᠠᠷ ᠨᠡᠮᠡᠭᠳᠡᠪᠡ᠃ ᠠᠮᠤ ᠪᠤᠳᠠᠭᠠᠨ ᠤ ᠨᠢᠭᠡᠴᠢ ᠲᠠᠯᠠᠪᠠᠢ ᠶᠢᠨ ᠤᠨᠠᠯᠲᠠ ᠮᠦ ᠪᠦᠷᠢ ᠳᠤ 364.9 ᠺᠢᠯᠣᠭ᠍ᠷᠠᠮ ᠬᠦᠷᠴᠦ᠂ ᠳᠡᠭᠡᠷ᠎ᠡ ᠵᠢᠯ ᠤᠨ ᠮᠦ ᠪᠦᠷᠢ ᠳᠤ 357.15 ᠺᠢᠯᠣᠭ᠍ᠷᠠᠮ ᠠᠴᠠ ᠮᠦ ᠪᠦᠷᠢ ᠳᠤ 7.75 ᠺᠢᠯᠣᠭ᠍ᠷᠠᠮ ᠨᠡᠮᠡᠭᠳᠡᠵᠦ᠂ 2.17 % ᠪᠠᠷ ᠨᠡᠮᠡᠭᠳᠡᠵᠡᠢ᠃ ᠠᠮᠤ ᠪᠤᠳᠠᠭᠠᠨ ᠤ ᠤᠨᠠᠯᠲᠠ 183.09 ᠲᠦᠮᠡᠨ ᠲᠣᠨ ᠬᠦᠷᠴᠦ᠂ ᠳᠡᠭᠡᠷ᠎ᠡ ᠵᠢᠯ ᠤᠨ ᠬᠢ ᠠᠴᠠ 6.28 ᠲᠦᠮᠡᠨ ᠲᠣᠨ ᠨᠡᠮᠡᠭᠳᠡᠵᠦ᠂ 3.55% ᠪᠠᠷ ᠨᠡᠮᠡᠭᠳᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ