ᠬᠦᠬᠡᠬᠤᠲᠠ ᠶᠢᠨ ᠮᠣᠩᠭᠤᠯ ᠰᠦᠯᠵᠢᠶᠡᠨ ᠤ ᠬᠢᠨ ᠵᠢᠯ ᠤᠨ ᠡᠴᠦᠰ ᠤᠨ ᠠᠵᠢᠯ ᠤᠨ ᠡᠷᠴᠢᠮ ᠢᠶᠠᠨ ᠴᠢᠩᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2022/12/28
      ᠬᠦᠬᠡᠬᠤᠲᠠ ᠶᠢᠨ ᠠᠷᠪᠠᠳᠤᠭᠠᠷ ᠰᠠᠷ᠎ᠠ ᠠᠴᠠ ᠨᠠᠭᠠᠰᠢᠬᠢ ᠬᠢᠵᠢᠭ ᠤᠨ ᠪᠠᠶᠢᠳᠠᠯ ᠨᠢ ᠬᠦᠮᠦᠰ ᠤᠨ ᠬᠡᠪ ᠤᠨ ᠦᠢᠯᠡᠳᠪᠦᠷᠢᠯᠡᠯ ᠠᠮᠢᠳᠤᠷᠠᠯ ᠢ ᠨᠦᠯᠦᠭᠡᠯᠡᠭᠰᠡᠨ ᠴᠤ ᠣᠨᠴᠠᠭᠠᠢ ᠪᠠᠶᠢᠳᠠᠯ ᠳᠤ ᠬᠡᠪ ᠤᠨ ᠠᠵᠢᠯ ᠢᠶᠠᠨ  ᠪᠠᠲᠤᠯᠠᠬᠤ ᠶᠢᠨ ᠲᠦᠯᠦᠭᠡ ᠬᠦᠬᠡᠬᠤᠲᠠ ᠶᠢᠨ ᠮᠣᠩᠭᠤᠯ ᠰᠦᠯᠵᠢᠶᠡᠨ ᠤ ᠬᠢᠨ ᠠᠯᠢ ᠴᠢᠳᠠᠬᠤ ᠪᠠᠷ ᠭᠡᠷ ᠠᠴᠠ ᠪᠠᠨ ᠠᠵᠢᠯᠯᠠᠬᠤ ᠨᠦᠬᠦᠴᠡᠯ ᠢ ᠪᠦᠷᠢᠯᠳᠦᠭᠦᠯᠵᠦ᠂ ᠰᠦᠯᠵᠢᠶᠡᠨ ᠤ ᠬᠡᠪ ᠤᠨ ᠠᠵᠢᠯᠯᠠᠭᠠᠨ ᠳᠤ ᠦᠵᠡᠭᠦᠯᠬᠦ ᠬᠢᠵᠢᠭ ᠤᠨ  ᠨᠦᠯᠦᠭᠡᠯᠡᠯ ᠢ ᠪᠣᠯᠬᠤ ᠶᠢᠨ ᠳᠣᠲᠤᠷ᠎ᠠ ᠪᠠᠭᠠᠰᠬᠠᠵᠠᠢ᠃     ᠤᠳᠤᠬᠠᠨ ᠳᠤ ᠵᠠᠷᠢᠮ ᠰᠦᠯᠵᠢᠶᠡᠨ ᠴᠡᠭ ᠤᠨ ᠠᠵᠢᠯᠲᠠᠨ ᠮᠦᠨ ᠭᠡᠷ ᠠᠴᠠ ᠪᠠᠨ ᠠᠵᠢᠯᠯᠠᠵᠤ ᠪᠠᠶᠢᠭ᠎ᠠ ᠪᠠᠶᠢᠳᠠᠯ ᠳᠤᠤᠷ᠎ᠠ ᠬᠦᠬᠡᠬᠤᠲᠠ ᠶᠢᠨ ᠮᠣᠩᠭᠤᠯ ᠰᠦᠯᠵᠢᠶᠡᠨ ᠴᠤᠭᠯᠠᠷᠠᠯ ᠤᠨ ᠬᠢᠨ ᠸᠢᠳᠢᠤ᠋ ᠬᠤᠷᠠᠯ ᠬᠤᠷᠠᠯᠳᠤᠭᠤᠯᠵᠤ᠂ ᠡᠯ᠎ᠡ ᠰᠦᠯᠵᠢᠶᠡᠨ ᠴᠡᠭ ᠤᠨ ᠠᠵᠢᠯᠲᠠᠨ ᠵᠢᠯ ᠤᠨ ᠡᠴᠦᠰ ᠤᠨ ᠠᠵᠢᠯ ᠤᠨ ᠪᠠᠶᠢᠳᠠᠯ ᠢᠶᠠᠨ ᠮᠡᠳᠡᠭᠦᠯᠦᠭᠰᠡᠨ ᠪᠠᠶᠢᠨ᠎ᠠ᠃ ᠬᠤᠷᠠᠯ ᠠᠴᠠ ᠬᠢᠵᠢᠭ ᠤᠨ ᠪᠠᠶᠢᠳᠠᠯ ᠠᠴᠠ ᠪᠣᠯᠵᠤ ᠪᠦᠬᠦ ᠰᠦᠯᠵᠢᠶᠡᠨ ᠴᠡᠭ ᠤᠨ ᠬᠢᠨ ᠠᠵᠢᠯ ᠤᠨ ᠪᠠᠶᠢᠷᠢᠨ ᠳᠠᠭᠠᠨ ᠪᠤᠴᠠᠵᠤ ᠬᠡᠪ ᠤᠨ ᠠᠵᠢᠯ ᠢᠶᠠᠨ ᠰᠡᠷᠭᠦᠭᠡᠬᠦ ᠳᠤ ᠮᠦᠨ ᠯᠡ ᠭᠦᠴᠢᠷᠲᠡᠢ ᠪᠠᠶᠢᠨ᠎ᠠ᠂ ᠭᠡᠪᠡᠴᠦ ᠠᠵᠢᠯ ᠤᠨ ᠡᠷᠴᠢᠮ ᠢᠶᠠᠨ ᠰᠤᠯᠠᠷᠠᠭᠤᠯᠵᠤ ᠪᠣᠯᠬᠤ ᠦᠭᠡᠢ᠂ ᠬᠦᠴᠢᠷᠳᠡᠯ ᠢ ᠴᠢᠷᠮᠠᠶᠢᠨ ᠰᠢᠢᠳᠪᠦᠷᠢᠯᠡᠵᠦ᠂ ᠵᠢᠯ ᠤᠨ ᠡᠴᠦᠰ ᠤᠨ ᠠᠵᠢᠯ ᠢᠶᠠᠨ ᠲᠡᠭᠦᠰ ᠠᠮᠵᠢᠯᠲᠠᠲᠠᠢ ᠪᠡᠶᠡᠯᠡᠭᠦᠯᠬᠦ ᠭᠡᠷᠡᠭᠲᠡᠢ᠃ ᠣᠨᠴᠠᠭᠠᠢ ᠪᠠᠶᠢᠳᠠᠯ ᠠᠴᠠ ᠪᠣᠯᠵᠤ ᠰᠦᠯᠵᠢᠶᠡᠨ ᠴᠤᠭᠯᠠᠷᠠᠯ ᠤᠨ ᠣᠨ ᠤ ᠬᠢᠨᠠᠨ ᠰᠢᠯᠭᠠᠯᠲᠠ ᠪᠠᠨ ᠬᠤᠶᠢᠰᠢᠯᠠᠭᠤᠯᠬᠤ ᠴᠢᠬᠤᠯᠠᠲᠠᠢ ᠪᠣᠯᠤᠭᠰᠠᠨ ᠰᠦᠯᠵᠢᠶᠡᠨ ᠴᠡᠭ ᠤᠨ ᠠᠵᠢᠯᠲᠠᠨ ᠬᠠᠮᠢᠶᠠᠲᠠᠢ ᠪᠠᠶᠢᠳᠠᠯ ᠢ ᠲᠤᠳᠤᠷᠬᠠᠢ ᠠᠰᠠᠭᠤᠨ ᠣᠶᠢᠯᠠᠭᠠᠵᠤ᠂ ᠢᠳᠡᠪᠬᠢᠲᠡᠢ ᠵᠣᠯᠭᠠᠭᠤᠯᠤᠨ᠂ ᠬᠢᠨᠠᠨ ᠰᠢᠯᠭᠠᠯᠲᠠ ᠶᠢᠨ ᠠᠵᠢᠯ ᠢ ᠱᠠᠭᠠᠷᠳᠠᠯᠭ᠎ᠠ ᠶᠣᠰᠤᠭᠠᠷ ᠰᠠᠶᠢᠳᠤᠷ ᠪᠡᠶᠡᠯᠡᠭᠦᠯᠬᠦ ᠭᠡᠷᠡᠭᠲᠡᠢ ᠭᠡᠵᠦ ᠱᠠᠭᠠᠷᠳᠠᠵᠠᠢ᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ